ᠭᠦᠭᠡᠬᠤᠲᠠ ᠰᠢᠭᠤᠳ ᠨᠡᠪᠲᠡᠷᠡᠭᠦᠯᠭᠡ ᠪᠠᠷ 17.71 ᠲᠦᠮᠡᠨ ᠠᠵᠢᠯ ᠤᠨ ᠪᠠᠶᠢᠷᠢ ᠬᠠᠩᠭᠠᠵᠠᠢ
ᠨᠡᠶᠢᠲᠡᠯᠡᠭᠰᠡᠨ ᠴᠠᠭ᠄
2024/11/28
      ᠡᠨᠡ ᠵᠢᠯ ᠠᠴᠠ ᠨᠠᠭᠠᠰᠢ ᠭᠦᠭᠡᠬᠤᠲᠠ ᠶᠢᠨ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠶᠢᠨ ᠰᠠᠭᠤᠷᠢᠨ ᠨᠡᠶᠢᠲᠡ 626 ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠶᠢᠴᠢᠯᠠᠨ ᠬᠠᠩᠭᠠᠬᠤ ᠠᠵᠢᠯᠯᠠᠭ᠎ᠠ ᠥᠷᠨᠢᠭᠦᠯᠵᠦ᠂ ᠨᠡᠶᠢᠲᠡ 9095 ᠬᠥᠮᠥᠨ ᠬᠡᠷᠡᠭᠯᠡᠬᠦ ᠨᠢᠭᠡᠴᠢ ᠶᠢ ᠲᠠᠨᠢᠯᠴᠠᠭᠤᠯᠵᠤ᠂ 17.71 ᠲᠦᠮᠡᠨ ᠠᠵᠢᠯ ᠤᠨ ᠪᠠᠶᠢᠷᠢ ᠬᠠᠩᠭᠠᠵᠤ᠂ ᠰᠢᠭᠤᠳ ᠨᠡᠪᠲᠡᠷᠡᠭᠦᠯᠭᠡ ᠶᠢ ᠦᠵᠡᠭᠰᠡᠨ ᠬᠥᠮᠥᠨ ᠤ ᠲᠤᠭ᠎ᠠ ᠨᠡᠶᠢᠲᠡ 141.7 ᠲᠦᠮᠡᠨ ᠬᠥᠮᠥᠨ ᠤᠳᠠᠭ᠎ᠠ ᠳᠤ ᠬᠦᠷᠴᠡᠢ᠃      ᠭᠦᠭᠡᠬᠤᠲᠠ ᠶᠢᠨ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠶᠢᠨ ᠰᠠᠭᠤᠷᠢᠨ 2023 ᠣᠨ ᠤ 8 ᠰᠠᠷ᠎ᠠ ᠳᠤ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠮᠠᠨ ᠤ ᠣᠷᠣᠨ ᠤ ᠠᠩᠬᠠᠳᠠᠭᠴᠢ ᠣᠯᠠᠨ ᠨᠡᠶᠢᠲᠡ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠲᠣᠭᠠᠴᠢᠯᠠᠭᠰᠠᠨ ᠭᠡᠯᠪᠡᠷᠢ ᠪᠠᠨ ᠬᠤᠪᠢᠷᠠᠭᠤᠯᠬᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠪᠣᠯᠪᠠ᠃ ᠳᠤᠰ ᠰᠠᠭᠤᠷᠢᠨ ᠤ ᠪᠠᠷᠢᠯᠭ᠎ᠠ ᠶᠢᠨ ᠲᠠᠯᠠᠪᠠᠶ ᠨᠢ 511 ᠲᠡᠭᠰᠢ ᠳᠥᠷᠪᠡᠯᠵᠢᠨ ᠮᠧᠲᠷ᠂ ᠵᠥᠭᠡᠯᠡᠨ ᠬᠠᠲᠠᠭᠤ ᠳᠤᠨᠤᠭ ᠲᠥᠬᠦᠭᠡᠷᠦᠮᠵᠢ ᠨᠢ ᠪᠦᠷᠢᠨ ᠭᠦᠢᠴᠡᠳ᠂ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤᠷᠢᠨ ᠡᠯᠰᠡᠬᠦ ᠰᠢᠭᠤᠳ ᠨᠡᠪᠲᠡᠷᠡᠭᠦᠯᠭᠡ ᠶᠢᠨ ᠲᠠᠰᠤᠭ 6᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠰᠢᠭᠤᠳ ᠨᠡᠪᠲᠡᠷᠡᠭᠦᠯᠭᠡ ᠶᠢᠨ ᠲᠠᠰᠤᠭ 1᠂ AI ᠲᠣᠭᠠᠴᠢᠯᠠᠭᠰᠠᠨ ᠰᠢᠭᠤᠳ ᠨᠡᠪᠲᠡᠷᠡᠭᠦᠯᠭᠡ ᠶᠢᠨ ᠲᠠᠰᠤᠭ 1᠂ ᠬᠠᠮᠲᠤ ᠪᠠᠷ ᠡᠳ᠋ᠯᠡᠬᠦ ᠰᠢᠭᠤᠳ ᠨᠡᠪᠲᠡᠷᠡᠭᠦᠯᠭᠡ ᠶᠢᠨ ᠲᠠᠰᠤᠭ 2 ᠢ ᠪᠠᠭᠲᠠᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠳᠠᠳᠤᠯᠭ᠎ᠠ ᠪᠣᠯᠪᠠᠰᠤᠷᠠᠯ᠂ ᠲᠤᠭ᠎ᠠ ᠪᠠᠷᠢᠮᠲᠠ ᠶᠢᠨ ᠦᠵᠡᠭᠦᠯᠭᠡ᠂ ᠵᠥᠪᠳᠡᠯᠴᠡᠨ ᠰᠣᠯᠢᠯᠴᠠᠬᠤ ᠵᠡᠷᠭᠡ ᠣᠯᠠᠨ ᠵᠦᠢᠯ ᠤᠨ ᠦᠢᠯᠡᠴᠢᠯᠡᠭᠡ ᠬᠠᠩᠭᠠᠵᠤ ᠪᠠᠶᠢᠨ᠎ᠠ᠃      ᠣᠳᠣᠬᠠᠨ ᠳᠤ᠂ ᠲᠤᠰ ᠰᠠᠭᠤᠷᠢᠨ ᠨᠢ ᠨᠢᠭᠡᠨᠲᠡ 1100 ᠠᠵᠤ ᠠᠬᠤᠶᠢᠯᠠᠯ ᠲᠠᠢ ᠣᠷᠳᠣ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠦᠢᠯᠡᠳᠬᠦ ᠦᠢᠯᠡᠰ᠂ ᠮᠡᠳᠡᠭᠡ ᠵᠠᠩᠭᠢ ᠶᠢᠨ ᠮᠡᠷᠭᠡᠵᠢᠯ᠂ ᠪᠠᠷᠠᠭᠠᠨ ᠤ ᠭᠦᠢᠯᠭᠡᠭᠡ ᠵᠡᠷᠭᠡ ᠣᠯᠠᠨ ᠠᠵᠢᠯ ᠲᠥᠷᠥᠯ ᠤᠨ ᠬᠦᠷᠢᠶ᠎ᠡ ᠶᠢ ᠬᠠᠮᠤᠷᠴᠠᠢ᠃ ᠤᠯᠠᠮᠵᠢᠯᠠᠯᠲᠤ ᠤᠷᠢᠨ ᠡᠯᠰᠡᠬᠦ ᠠᠷᠭ᠎ᠠ ᠮᠠᠶ᠋ᠢᠭ ᠲᠠᠢ ᠬᠠᠷᠢᠴᠠᠭᠤᠯᠪᠠᠯ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ ᠨᠢ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠠᠪᠠᠭᠤᠯᠢᠭ ᠲᠠᠯ᠎ᠠ ᠨᠢ ᠢᠯᠡᠳᠲᠡ ᠶᠤᠮ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ