ᠭᠦᠭᠡᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠳᠠ ᠬᠡᠯᠬᠢᠶᠡᠵᠢᠭᠰᠡᠨ | ᠪᠦᠯᠦᠭᠵᠢᠭᠰᠡᠨ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠴᠣᠭᠴᠠᠯᠠᠨ ︽ᠰᠢᠨ᠎ᠡ ᠮᠠᠲ᠋ᠧᠷᠢᠶᠠᠯ + ᠢᠷᠡᠭᠡᠳᠦᠢ ᠶᠢᠨ ᠦᠢᠯᠡᠳᠬᠡᠯ︾᠂ ︽ᠰᠢᠨ᠎ᠡ ᠡᠨᠧᠷᠭᠢ + | ᠢᠷᠡᠭᠡᠳᠦᠢ ᠶᠢᠨ ᠰᠢᠨ᠎ᠡ ᠮᠠᠲ᠋ᠧᠷᠢᠶᠠᠯ︾᠂ ︽ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ + ᠢᠷᠡᠭᠡᠳᠦᠢ ᠶᠢᠨ ᠮᠠᠲ᠋ᠧᠷᠢᠶᠠᠯ︾᠂ ︽ᠲᠣᠨᠣᠭᠯᠠᠯ | ᠦᠢᠯᠡᠳᠬᠦ + ᠢᠷᠡᠭᠡᠳᠦᠢ ᠶᠢᠨ ᠮᠠᠲ᠋ᠧᠷᠢᠶᠠᠯ︾ ᠵᠡᠷᠭᠡ ᠬᠤᠯᠪᠣᠯᠳᠤᠨ ᠬᠥᠳᠡᠯᠦᠯᠴᠡᠬᠦ 4 ᠬᠡᠪ ᠵᠠᠭᠪᠤᠷ ᠢ ᠬᠦᠴᠦᠯᠡᠨ ᠪᠠᠶᠢᠭᠤᠯᠵᠤ᠂ ᠰᠢᠨ᠎ᠡ ᠮᠠᠲ᠋ᠧᠷᠢᠶᠠᠯ ᠤᠨ | ᠠᠵᠤ ᠦᠢᠯᠡᠰ ᠢ ᠥᠷᠨᠢᠭᠦᠨ ᠬᠥᠭᠵᠢᠭᠦᠯᠵᠦ ᠪᠠᠶᠢᠨ᠎ᠠ᠃ | ᠭᠦᠭᠡᠬᠤᠳᠠ ᠳᠠᠬᠢ ᠬᠤᠷᠢᠨᠭᠡᠷ ᠰᠢᠨ᠎ᠡ ᠲᠣᠭᠤᠷᠢᠭ ᠥᠪᠥᠷ ᠮᠣᠩᠭᠤᠯ ᠤᠨ ᠲᠢᠶᠠᠨ ᠬᠤᠤ ᠰᠢᠯ ᠰᠢᠷᠬᠡᠭ ᠤᠨ ᠬᠢᠵᠠᠭᠠᠷᠲᠤ ᠺᠤᠮᠫᠠᠨᠢ ᠪᠠᠷ ᠳᠠᠭᠠᠭᠤᠯᠤᠭᠴᠢ | ᠪᠣᠯᠭᠠᠨ 76 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠤᠷᠤᠭᠤᠯᠤᠯᠳᠠ ᠪᠦᠬᠦᠢ 9 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠪᠡ᠃ ᠲᠢᠶᠠᠨ | ᠬᠤᠤ ᠺᠤᠮᠫᠠᠨᠢ ᠪᠠᠰᠠ ᠴᠢ ᠷᠦᠢ ᠮᠠᠰᠢᠨ ᠲᠡᠷᠭᠡ᠂ ᠪᠧᠢ ᠪᠧᠨ ᠬᠦᠨᠳᠦ ᠭᠡᠯᠪᠡᠷᠢ ᠶᠢᠨ ᠠᠴᠢᠶᠠᠨ ᠤ ᠮᠠᠰᠢᠨ ᠵᠡᠷᠭᠡ 9 ᠠᠵᠤ ᠠᠬᠤᠶᠢᠯᠠᠯ ᠲᠠᠢ ᠨᠤᠲᠤᠭᠰᠢᠬᠤ | ᠵᠥᠪᠯᠡᠯᠴᠡᠭᠡᠷ ᠲᠣᠬᠢᠷᠠᠯᠴᠠᠨ᠂ 200 ᠳ᠋ᠦᠩᠰᠢᠭᠤᠷ ᠤᠨ ᠳᠡᠰ ᠤᠨ ᠰᠢᠯ ᠰᠢᠷᠬᠡᠭ ᠬᠢᠭᠡᠳ ᠨᠡᠶᠢᠯᠡᠮᠡᠯ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ | ᠴᠣᠭᠴᠠᠯᠠᠬᠤ ᠳᠤ ᠰᠠᠭᠤᠷᠢ ᠲᠠᠯᠪᠢᠪᠠ᠃ | ᠭᠦᠭᠡᠬᠤᠳᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠲ᠋ᠧᠰ ᠪᠠ ᠬᠤᠸᠠ ᠶᠣᠣ ᠭᠡᠷᠡᠯᠴᠢ ᠴᠡᠨᠡᠭ ᠢᠶᠠᠷ ᠭᠤᠣᠯᠯᠠᠬᠤ ᠠᠵᠤ | ᠠᠬᠤᠶᠢᠯᠠᠯ ᠪᠤᠯᠭᠠᠬᠰᠠᠨ ᠭᠡᠷᠡᠯᠴᠢ ᠴᠡᠨᠡᠭ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠯᠢ ᠯᠧ ᠪᠣᠭᠤᠳᠠᠯ ᠢᠶᠠᠷ ᠭᠤᠣᠯᠯᠠᠬᠤ ᠠᠵᠤ ᠠᠬᠤᠶᠢᠯᠠᠯ | ᠪᠤᠯᠭᠠᠬᠰᠠᠨ ᠪᠣᠭᠤᠳᠠᠯᠯᠠᠬᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠪᠠ ᠭᠦᠸᠧ ᠵᠢᠶᠠ ᠨᠠᠨᠦ᠋ᠮᠧᠲᠷ ᠢᠶᠠᠷ ᠲᠥᠯᠥᠭᠡᠯᠡᠭᠴᠢ ᠪᠤᠯᠭᠠᠬᠰᠠᠨ ᠬᠤᠰᠢᠭᠤᠴᠢ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠦᠷᠢᠯᠳᠦᠭᠦᠯᠵᠦ᠂ 14 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ᠂ 3 ᠲᠤᠰᠬᠠᠶᠢᠵᠢᠭᠰᠠᠨ ᠨᠠᠷᠢᠯᠢᠭᠵᠢᠭᠰᠠᠨ | ᠣᠨᠴᠠᠯᠢᠭᠲᠤ ᠰᠢᠨ᠎ᠡ ᠠᠵᠤ ᠠᠬᠤᠶᠢᠯᠠᠯ ᠢ ᠪᠠᠭᠲᠠᠭᠠᠭᠰᠠᠨ 41 ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠲᠠᠢ ᠪᠣᠯᠵᠤ᠂ ᠡᠨᠡ ᠵᠢᠯ ᠤᠨ ᠲᠦᠷᠦᠭᠦᠦ 7 ᠰᠠᠷ᠎ᠠ | ᠳᠤ ᠦᠢᠯᠡᠳᠬᠦᠨ ᠤ ᠦᠷᠳᠡᠭ ᠨᠢ 46.16 ᠳ᠋ᠦᠩᠰᠢᠭᠤᠷ ᠲᠥᠭᠦᠷᠢᠭ ᠲᠤ ᠬᠦᠷᠴᠡᠢ᠃ | ᠲᠦᠮᠡᠳ ᠵᠡᠭᠦᠨ ᠬᠤᠰᠢᠭᠤ ᠰᠢᠨ᠎ᠡ ᠡᠨᠧᠷᠭᠢ ᠶᠢᠨ ᠰᠢᠨ᠎ᠡ ᠮᠠᠲ᠋ᠧᠷᠢᠶᠠᠯ ᠵᠢᠴᠢ ᠲᠣᠨᠣᠭᠯᠠᠯ ᠦᠢᠯᠡᠳᠬᠦ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠵᠦ᠂ ᠵᠢᠨᠱᠠᠨ ᠤ ᠢᠯᠴᠢ ᠶᠢᠨ ᠴᠠᠭᠢᠯᠭᠠᠨ ᠤ ᠬᠤᠶᠠᠳᠤᠭᠠᠷ ᠬᠤᠭᠤᠴᠠᠭ᠎ᠠ᠂ ᠸᠠᠨ ᠲᠧ ᠰᠢᠨ᠎ᠡ ᠡᠨᠧᠷᠭᠢ᠂ ᠯᠣ᠋ ᠶᠠᠩ ᠡᠨᠧᠷᠭᠢ ᠠᠷᠪᠢᠯᠠᠬᠤ ᠵᠡᠷᠭᠡ 44 | ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠨᠢ 49.5 ᠳ᠋ᠦᠩᠰᠢᠭᠤᠷ ᠲᠥᠭᠦᠷᠢᠭ ᠲᠤ ᠬᠦᠷᠴᠦ᠂ ᠭᠠᠨ ᠹᠧᠩ ᠯᠢᠲ᠋ᠢ ᠴᠠᠭᠢᠯᠭᠠᠨ᠂ ᠷᠦᠨ ᠶᠠ ᠨᠠᠲᠷᠢ | ᠴᠠᠭᠢᠯᠭᠠᠨ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠡᠷᠴᠢᠮᠲᠡᠢ ᠶᠠᠪᠤᠭᠳᠠᠵᠤ ᠪᠠᠶᠢᠨ᠎ᠠ᠃ | ᠴᠢᠩ ᠱᠦᠢ ᠾᠧ ᠰᠢᠶᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠥᠨᠳᠥᠷ ᠪᠦᠲᠦᠮᠵᠢᠳᠠᠢ ᠥᠨᠳᠥᠷ ᠦᠷᠳᠡᠭ ᠲᠠᠢ᠂ ᠬᠡᠪᠴᠢᠶᠡᠵᠢᠭᠦᠯᠦᠨ | ᠠᠰᠢᠭᠯᠠᠬᠤ︾ ᠬᠥᠭᠵᠢᠯᠲᠡ ᠶᠢ ᠪᠦᠭᠦ ᠬᠦᠴᠦᠨ ᠢᠶᠠᠷ ᠪᠠᠶᠢᠷᠢᠯᠠᠭᠤᠯᠤᠨ ᠨᠡᠭᠦᠷᠡᠰᠦᠨ ᠭᠤᠤᠯᠢᠩ ᠰᠢᠷᠣᠢ ᠶᠢᠨ ᠰᠠᠭᠤᠷᠢᠨ ᠳᠤ ᠰᠢᠯ ᠰᠢᠷᠬᠡᠭ ᠤᠨ ᠮᠠᠲ᠋ᠧᠷᠢᠶᠠᠯ᠂ | ᠸᠠᠭᠠᠷ ᠱᠠᠭᠠᠵᠠᠩ ᠤᠨ ᠮᠠᠲ᠋ᠧᠷᠢᠶᠠᠯ᠂ ᠭᠠᠯ ᠳᠤ ᠳᠠᠭᠠᠭᠠᠮᠠᠭᠠᠢ ᠮᠠᠲ᠋ᠧᠷᠢᠶᠠᠯ᠂ ᠬᠠᠶᠠᠭ᠎ᠠ ᠶᠢᠨ ᠮᠠᠲ᠋ᠧᠷᠢᠶᠠᠯ᠂ ᠨᠠᠷᠢᠯᠢᠭ ᠴᠢᠳᠬᠤᠮᠠᠯ ᠮᠠᠲ᠋ᠧᠷᠢᠶᠠᠯ ᠵᠡᠷᠭᠡ ᠡᠴᠦᠰ ᠤᠨ | ᠦᠢᠯᠡᠳᠬᠦᠨ ᠤ ᠠᠵᠤ ᠦᠢᠯᠡᠰ ᠢ ᠭᠤᠣᠯᠳᠠᠯᠭ᠎ᠠ ᠲᠠᠢ ᠪᠠᠶᠢᠷᠢᠰᠢᠭᠤᠯᠵᠤ᠂ ᠪᠦᠭᠦ ᠤᠯᠤᠰ ᠤᠨ ᠳᠠᠩ ᠭᠠᠭᠴᠠ ᠪᠠᠷ ᠬᠡᠪᠴᠢᠶ᠎ᠡ ᠪᠠᠷ ᠬᠠᠮᠤᠭ ᠤᠨ ᠶᠡᠭᠡ ᠭᠤᠤᠯᠢᠩ | ᠰᠢᠷᠣᠢ ᠬᠠᠩᠭᠠᠬᠤ ᠰᠠᠭᠤᠷᠢᠨ ᠪᠠ ᠪᠥᠭᠡᠮ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠭᠦ ᠰᠠᠭᠤᠷᠢᠨ ᠢ | ᠴᠣᠭᠴᠠᠯᠠᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃ | ᠡᠨᠡ ᠵᠢᠯ ᠠᠴᠠ ᠨᠠᠭᠠᠰᠢ᠂ ᠭᠦᠭᠡᠬᠤᠳᠠ ᠰᠢᠨ᠎ᠡ ᠮᠠᠲ᠋ᠧᠷᠢᠶᠠᠯ ᠬᠢᠭᠡᠳ ᠲᠣᠨᠣᠭᠯᠠᠯ ᠦᠢᠯᠡᠳᠬᠦ ᠦᠢᠯᠡᠰ ᠤᠨ ᠪᠦᠯᠦᠭᠵᠢᠯ ᠳᠤ ᠶᠡᠷᠦᠩᠬᠡᠢ ᠪᠡᠯᠡ | ᠤᠷᠤᠭᠤᠯᠤᠯᠳᠠ ᠨᠢ 1279.9 ᠳ᠋ᠦᠩᠰᠢᠭᠤᠷ ᠲᠥᠭᠦᠷᠢᠭ ᠲᠤ ᠬᠦᠷᠬᠦ 94 ᠲᠦᠷᠦᠯ ᠵᠦᠢᠯ ᠢ ᠰᠢᠨ᠎ᠡ ᠪᠠᠷ ᠲᠣᠬᠢᠷᠠᠭᠤᠯᠵᠤ᠂ ᠵᠦᠩ ᠬᠤᠸᠠᠨ ᠤ 20GW | ᠶᠢᠨ ᠡᠪᠬᠡᠮᠡᠯ ᠢᠯᠲᠠᠰᠤ ᠶᠢᠨ ᠲᠣᠨᠣᠭᠯᠠᠯ ᠤᠨ ᠲᠦᠷᠦᠯ ᠵᠦᠢᠯ᠂ ᠥᠪᠥᠷ ᠮᠣᠩᠭᠤᠯ ᠤᠨ ᠷᠦᠨ ᠶᠠ ᠨᠠᠲᠷᠢ ᠴᠠᠭᠢᠯᠭᠠᠨ ᠤ ᠴᠠᠭ ᠦᠶ᠎ᠡ ᠶᠢᠨ ᠰᠢᠨ᠎ᠡ ᠡᠨᠧᠷᠭᠢ | ᠶᠢᠨ ᠬᠢᠵᠠᠭᠠᠷᠲᠤ ᠺᠤᠮᠫᠠᠨᠢ ᠶᠢᠨ 6GWh ᠤᠨ ᠨᠠᠲᠷᠢ ᠢᠶᠤᠨ ᠤ ᠴᠠᠭᠢᠯᠭᠠᠨ ᠤ ᠭᠤᠣᠯ ᠢᠯᠲᠠᠰᠤ ᠦᠢᠯᠡᠳᠪᠦᠷᠢᠯᠡᠬᠦ ᠲᠦᠷᠦᠯ ᠵᠦᠢᠯ᠂ ᠭᠦᠭᠡᠬᠤᠳᠠ ᠶᠢᠨ | ᠲᠢᠶᠠᠨ ᠬᠤᠤ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠰᠢᠯ ᠰᠢᠷᠬᠡᠭ ᠨᠡᠶᠢᠯᠡᠮᠡᠯ ᠮᠠᠲ᠋ᠧᠷᠢᠶᠠᠯ ᠤᠨ ᠦᠢᠯᠡᠳᠬᠦᠨ ᠦᠢᠯᠡᠳᠪᠦᠷᠢᠯᠡᠬᠦ ᠱᠤᠭᠤᠮ ᠤᠨ | ᠲᠦᠷᠦᠯ ᠵᠦᠢᠯ ᠵᠡᠷᠭᠡ 70 ᠲᠦᠷᠦᠯ ᠵᠦᠢᠯ ᠨᠢᠭᠡᠨᠲᠡ ᠪᠠᠷᠢᠯᠭ᠎ᠠ ᠡᠬᠢᠯᠡᠪᠡ᠃ |