︵ᠰᠤᠷᠪᠤᠯᠵᠢᠯᠠᠭᠴᠢ ᠶᠦᠨ ᠶᠠᠨ ᠹᠠᠩ ᠴᠢ ᠰᠢᠶᠣᠣ ᠶᠠᠨ︶ 11 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠲᠥᠷᠥᠯ ᠤᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯᠯᠠᠭᠠᠨ ᠤ ᠲᠠᠯᠠᠪᠤᠷ ᠭᠠᠵᠠᠷ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠵᠦ᠂ ᠤᠳᠠᠯ ᠥᠬᠡᠶ ᠠᠰᠢᠭᠯᠠᠯᠲᠠ ᠳᠤ ᠣᠷᠣᠬᠤ ᠪᠣᠯᠣᠨ᠎ᠠ ᠃ | ᠬᠥᠬᠡᠬᠤᠲᠠ ᠶᠢᠨ ᠠᠩᠬᠠᠳᠠᠭᠴᠢ ᠵᠠᠰᠠᠮᠠᠯ ᠵᠠᠮ ᠤᠨ ᠲᠡᠭᠡᠭᠡᠪᠦᠷᠢ ᠶᠢᠨ ᠲᠥᠷᠥᠯᠤᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯᠯᠠᠭᠠᠨ ᠤ ᠲᠠᠯᠠᠪᠤᠷ | ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠨᠢ ᠵᠢᠷᠤᠮᠵᠢᠯ ᠢ ᠴᠢᠩᠭ᠎ᠠ ᠵᠢᠷᠤᠮᠯᠠᠨ ᠪᠥᠲᠥᠭᠡᠨ ᠪᠠᠶᠢᠭᠤᠯᠵᠤ᠂ | ᠲᠠᠯᠠᠪᠤᠷ ᠭᠠᠵᠠᠷ ᠤᠨ ᠶᠡᠷᠦᠩᠬᠡᠶ ᠲᠠᠯᠠᠪᠠᠶ ᠨᠢ 8964 ᠺᠦᠸᠠᠲ ᠮᠧᠲᠷ ᠪᠠᠶᠢᠵᠤ᠂ ᠲᠤᠰᠠᠭᠠᠷᠯᠠᠬᠤ ᠬᠦᠷᠢᠶ᠎ᠡ ᠲᠣᠣᠷ᠂ ᠪᠣᠭᠤᠮᠲᠠ᠂ ᠬᠢᠨᠠᠨ ᠬᠠᠮᠢᠶᠠᠷᠬᠤ | ᠬᠥᠮᠥᠷᠭᠡ᠂ ᠪᠠᠶᠢᠴᠠᠭᠠᠨ ᠰᠢᠯᠭᠠᠬᠤ ᠲᠠᠯᠠᠪᠤᠷ ᠵᠡᠷᠭᠡ ᠶᠢ ᠳᠣᠭᠢᠷᠠᠭᠤᠯᠵᠤ᠂ ᠪᠣᠭᠤᠮᠲᠠ ᠶᠢᠨ ᠬᠢᠨᠠᠨ ᠬᠠᠮᠢᠶᠠᠷᠬᠤ᠂ ᠪᠠᠷᠠᠭᠠᠨ ᠤ ᠭᠦᠢᠯᠭᠡᠭᠡᠨ ᠳᠠᠮᠵᠢᠭᠤᠯᠤᠯᠲᠠ᠂ | ᠣᠶᠤᠨᠴᠢ ᠬᠥᠮᠥᠷᠭᠡᠯᠡᠨ ᠬᠠᠳᠠᠭᠠᠯᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠬᠢᠨᠠᠨ ᠬᠠᠮᠢᠶᠠᠷᠬᠤ ᠲᠣᠭᠤᠷᠢᠭ ᠪᠠᠶᠢᠵᠤ᠂ | ᠮᠡᠳᠡᠭᠦᠯᠬᠦ᠂ ᠬᠢᠨᠠᠨ ᠬᠠᠮᠢᠶᠠᠷᠬᠤ᠂ ᠥᠩᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠬᠠᠩᠭᠠᠵᠤ᠂ ᠬᠥᠬᠡᠬᠤᠲᠠ ᠶᠢᠨ ᠣᠯᠠᠨ ᠤᠯᠤᠰ ᠤᠨ ᠬᠢᠯᠢ | ᠠᠯᠤᠰᠯᠠᠭᠰᠠᠨ ᠵᠠᠰᠠᠮᠠᠯ ᠵᠠᠮ ᠱᠤᠭᠤᠮ ᠤᠨ ᠪᠥᠲᠥᠭᠡᠨ ᠪᠠᠶᠢᠭᠤᠯᠤᠯᠲᠠ ᠵᠢᠴᠢ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ | ᠬᠥᠭᠵᠢᠯᠲᠡ ᠳᠤ ᠬᠦᠴᠦᠲᠡᠶ ᠰᠠᠭᠤᠷᠢ ᠲᠤᠯᠭᠠᠭᠤᠷᠢᠯᠠᠯ ᠪᠣᠯᠪᠠ᠃ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠲᠥᠷᠥᠯ ᠤᠨ ᠪᠣᠭᠤᠮᠲᠠ ᠶᠢᠨ ᠬᠢᠨᠠᠨ | ᠬᠠᠮᠢᠶᠠᠷᠤᠯᠲᠠ ᠶᠢᠨ ᠠᠵᠢᠯᠯᠠᠭᠠᠨ ᠤ ᠲᠠᠯᠠᠪᠤᠷ ᠭᠠᠵᠠᠷ ᠢ ᠠᠮᠵᠢᠯᠲᠠ ᠲᠠᠢ ᠪᠠᠶᠢᠭᠤᠯᠤᠭᠰᠠᠨ ᠨᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ︽ᠨᠢᠭᠡ ᠥᠷᠲᠡᠭᠡ ᠮᠠᠶ᠋ᠢᠭ︾ ᠤᠨ ᠪᠠᠷᠠᠭ᠎ᠠ ᠴᠤᠭᠯᠠᠭᠤᠯᠬᠤ᠂ ᠪᠣᠭᠤᠮᠲᠠ ᠪᠠᠷ ᠥᠩᠭᠡᠷᠡᠬᠦ᠂ ᠭᠠᠳᠠᠭᠠᠳᠤ ᠳᠤ ᠭᠠᠷᠭᠠᠬᠤ ᠵᠡᠷᠭᠡ | ᠪᠥᠬᠦ ᠶᠠᠪᠤᠴᠠ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠂ | ᠠᠵᠤ ᠠᠬᠤᠶᠢᠯᠠᠯ ᠤᠨ ᠪᠣᠭᠤᠮᠲᠠ ᠳᠤ ᠮᠡᠳᠡᠭᠦᠯᠬᠦ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠬᠡᠬᠤᠲᠠ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠠᠷᠠᠯᠵᠢᠶ᠎ᠠ ᠶᠢ ᠳᠦᠭᠦᠮᠴᠢᠯᠡᠵᠦ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ | ᠲᠦᠷᠭᠡᠳᠬᠡᠵᠦ᠂ ᠣᠷᠣᠨ ᠤ ᠲᠥᠪ ᠬᠤᠲᠠ ᠶᠢᠨ ᠨᠠᠩ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | |