︵ᠰᠤᠷᠪᠤᠯᠵᠢᠯᠠᠭᠴᠢ ᠯᠢᠶᠠᠩ ᠵᠢᠩ ᠱᠥ ) 10 ᠳ᠋ᠤᠭᠠᠷ ᠰᠠᠷ᠎ᠠ ᠶᠢᠨ 31 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠾᠧ ᠬᠠᠢ ᠳ᠋ᠦᠩ ᠨᠠᠷ ᠬᠤᠷᠭᠤᠰ ᠬᠤᠲᠠ ᠶᠢᠨ ᠬᠤᠷᠭᠤᠰ ᠶᠡᠷᠦᠩᠬᠡᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠬᠤᠷᠭᠤᠰ ᠵᠠᠰᠠᠮᠠᠯ ᠵᠠᠮ ᠤᠨ ᠪᠣᠭᠤᠮᠲᠠ᠂ ᠬᠤᠷᠭᠤᠰ ᠲᠡᠮᠦᠷ | ᠵᠠᠮ ᠤᠨ ᠪᠣᠭᠤᠮᠲᠠ᠂ ᠳᠤᠮᠳᠠᠳᠤ ᠺᠠᠽᠠᠭᠰᠲ᠋ᠠᠨ ᠤ ᠬᠤᠷᠭᠤᠰ ᠣᠯᠠᠨ ᠤᠯᠤᠰ ᠤᠨ ᠬᠢᠯᠢ ᠶᠢᠨ ᠬᠠᠮᠲᠤᠷᠠᠯᠴᠠᠭᠠᠨ ᠤ ᠲᠥᠪ᠂ ᠤᠯᠤᠰ ᠤᠨ ᠭᠠᠳᠠᠭᠠᠳᠤ ᠳᠤ ᠬᠠᠨᠳᠤᠭᠤᠯᠤᠭᠰᠠᠨ | ᠰᠣᠶᠣᠯ ᠤᠨ ᠠᠷᠠᠯᠵᠢᠶᠠᠨ ᠤ ᠰᠠᠭᠤᠷᠢᠨ ᠭᠠᠵᠠᠷ ︵ᠢᠯᠢ︶ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︵ᠬᠤᠷᠭᠤᠰ ᠤᠨ ᠲᠤᠭᠠᠴᠢᠯᠠᠭᠰᠠᠨ ᠬᠡᠪᠯᠡᠯ ᠤᠨ ᠡᠷᠬᠡ ᠶᠢᠨ | ᠠᠷᠠᠯᠵᠢᠶᠠᠨ ᠤ ᠲᠠᠪᠴᠠᠩ︶ ᠬᠤᠷᠭᠤᠰ ᠤᠨ ᠬᠡᠪᠯᠡᠯ ᠤᠨ ᠡᠷᠬᠡ ᠶᠢᠨ ᠠᠷᠠᠯᠵᠢᠶᠠᠨ ᠤ ᠲᠥᠪ ᠵᠡᠷᠭᠡ ᠭᠠᠵᠠᠷ ᠰᠢᠨᠵᠢᠯᠡᠨ ᠪᠠᠶᠢᠴᠠᠭᠠᠵᠤ᠂ ᠬᠤᠷᠭᠤᠰ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠫᠢ ᠯᠢᠦᠢ ᠪᠢᠩ ᠲᠠᠢ ᠶᠠᠷᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠬᠡᠯᠡᠬᠦ ᠳᠡᠭᠡᠨ᠂ ᠬᠤᠷᠭᠤᠰ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠬᠦᠢᠰᠦ ᠣᠷᠣᠨ ᠪᠣᠯᠤᠭᠰᠠᠨ ᠤ ᠬᠤᠪᠢ ᠳᠤ᠂ | ᠣᠶᠢᠷ᠎ᠠ ᠶᠢᠨ ᠵᠢᠯ ᠤᠳ ᠤᠨ ᠬᠥᠭᠵᠢᠯᠲᠡ ᠮᠠᠰᠢ ᠲᠦᠷᠭᠡᠨ ᠪᠠᠶᠢᠨ᠎ᠠ᠃ ᠬᠥᠬᠡᠬᠤᠲᠠ ᠶᠠᠭ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠥᠨᠳᠥᠷ ᠲᠦᠪᠰᠢᠨ ᠤ᠂ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢᠨ ᠰᠢᠨ᠎ᠡ | ᠪᠠᠶᠢᠷᠢᠰᠢᠯ ᠢ ᠢᠳᠡᠪᠬᠢᠲᠡᠢ ᠡᠭᠦᠳᠴᠦ ᠪᠠᠶᠢᠨ᠎ᠠ᠃ ᠬᠤᠷᠭᠤᠰ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠫᠢ ᠯᠢᠦᠢ ᠪᠢᠩ᠂ ᠬᠢᠯᠢ ᠶᠢᠨ ᠪᠣᠭᠤᠮᠲᠠ᠂ ᠨᠡᠭᠡᠭᠡᠯᠲᠡ᠂ ᠲᠦᠷᠦ ᠶᠢᠨ ᠪᠤᠳᠤᠯᠭ᠎ᠠ ᠵᠡᠷᠭᠡ ᠲᠠᠯ᠎ᠠ ᠪᠠᠷ ᠬᠤᠷᠭᠤᠰ ᠤᠨ ᠬᠥᠭᠵᠢᠯᠲᠡ ᠶᠢᠨ ᠳᠠᠪᠠᠭᠤᠯᠢᠭ ᠢ ᠲᠠᠨᠢᠯᠴᠠᠭᠤᠯᠪᠠ᠃ | ᠲᠡᠷᠡ᠂ ᠬᠥᠬᠡᠬᠤᠲᠠ ᠶᠢᠨ ᠭᠠᠵᠠᠷ ᠵᠦᠢ ᠶᠢᠨ ᠪᠠᠶᠢᠷᠢᠰᠢᠯ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠤᠷᠭᠤᠰ ᠬᠥᠬᠡᠬᠤᠲᠠ ᠲᠠᠢ ᠬᠠᠷᠢᠯᠴᠠᠵᠤ | ᠵᠣᠯᠭᠠᠬᠤ ᠪᠠᠨ ᠴᠢᠩᠭᠠᠳᠬᠠᠵᠤ᠂ ᠨᠡᠩ ᠤᠯᠠᠨ ᠬᠦᠷᠢᠶ᠎ᠡ ᠴᠠᠷᠠᠭ᠎ᠠ᠂ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠡᠷᠢᠯᠬᠢᠯᠡᠵᠦ᠂ ᠲᠣᠭᠲᠠᠭᠤᠨ᠂ | ᠤᠷᠳᠤ ᠬᠤᠭᠤᠴᠠᠭᠠᠨ ᠤ ᠨᠡᠪᠲᠡᠷᠡᠬᠦ ᠵᠠᠮ ᠤᠨ ᠬᠠᠮᠲᠤᠷᠠᠯᠴᠠᠭᠠᠨ ᠤ ᠲᠣᠭᠲᠠᠴᠠ ᠶᠢ ᠬᠠᠮᠲᠤᠪᠠᠷ ᠪᠠᠶᠢᠭᠤᠯᠵᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠵᠡᠢ᠃ | | ᠶᠠᠷᠢᠯᠴᠠᠬᠤ ᠬᠤᠷᠠᠯ ᠤᠨ ᠳᠠᠷᠠᠭ᠎ᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠷᠭᠤᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤᠭᠲᠠᠵᠠᠢ᠃ |