ᠭᠦᠭᠡᠬᠤᠲᠠ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠤᠯᠪᠠᠰᠤᠷᠠᠭᠤᠯᠬᠤ ᠠᠵᠤ ᠦᠢᠯᠡᠰ ᠤᠨ ᠪᠦᠯᠦᠭᠵᠢᠯ ᠢ ᠴᠣᠭᠴᠠᠯᠠᠨ ᠪᠠᠶᠢᠭᠤᠯᠬᠤ ᠪᠠᠷ ᠭᠠᠷᠳᠠᠴᠠ ᠪᠣᠯᠭᠠᠨ ᠤᠯᠤᠰ ᠤᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠣᠷᠣᠨ ᠤ ᠲᠥᠪ ᠤᠨ | ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠪᠡ᠃ | — ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠪᠦᠭᠦ ᠬᠤᠳᠠ ᠪᠠᠷ ᠢᠶᠠᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 20.3 ᠲᠦᠮᠡᠨ ᠮᠦ ᠪᠦᠲᠦᠭᠡᠨ ᠪᠠᠶᠢᠭᠤᠯᠵᠤ᠂ ᠨᠢᠭᠡᠨᠲᠡ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠡᠮᠵᠢᠶᠡᠨ ᠤ | ᠪᠠᠨ 82% ᠢ ᠪᠡᠶᠡᠯᠡᠭᠦᠯᠪᠡ᠃ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠪᠠ ᠬᠤᠷᠢᠨᠭᠡᠷ ᠰᠢᠶᠠᠨ ᠳᠤ 50 ᠲᠦᠮᠡᠨ ᠮᠦ ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠨᠥᠭᠡᠴᠡᠯᠡᠵᠦ᠂ ᠣᠳᠣᠬᠠᠨ ᠳᠤ 7.2 ᠲᠦᠮᠡᠨ ᠮᠦ ᠶᠢ ᠠᠰᠢᠭᠯᠠᠯᠲᠠ ᠳᠤ ᠣᠷᠣᠭᠤᠯᠪᠠ᠃ ᠲᠦᠮᠡᠳ ᠵᠡᠭᠦᠨ | ᠬᠤᠰᠢᠭᠤ᠂ ᠴᠢᠩ ᠱᠦᠢ ᠾᠧ ᠰᠢᠶᠠᠨ ᠪᠠ ᠰᠠᠶᠢᠬᠠᠨ ᠲᠣᠭᠤᠷᠢᠭ ᠲᠤ ᠲᠥᠬᠦᠭᠡᠷᠦᠮᠵᠢᠲᠦ ᠲᠠᠷᠢᠶᠠᠯᠠᠩ ᠢ 9796 ᠮᠦ ᠰᠢᠨ᠎ᠡ ᠪᠠᠷ ᠪᠠᠶᠢᠭᠤᠯᠤᠨ᠂ 2296 ᠮᠦ | ᠶᠢ ᠥᠭᠡᠷᠡᠴᠢᠯᠡᠨ ᠳᠡᠰ ᠳᠡᠪᠰᠢᠭᠦᠯᠵᠦ᠂ 8363 ᠮᠦ ᠶᠢᠨ ᠢᠳᠡᠰᠢᠨ ᠨᠣᠭᠤᠭ᠎ᠠ ᠶᠢᠨ ᠲᠠᠷᠢᠶ᠎ᠠ ᠶᠢ ᠰᠢᠨ᠎ᠡ ᠪᠠᠷ ᠪᠠᠶᠢᠭᠤᠯᠪᠠ᠃ ᠲᠠᠯᠠᠪᠠᠢ ᠨᠢᠭᠡᠪᠦᠷᠢ ᠳᠤ 3000 | ᠭᠠᠷᠤᠢ ᠮᠢᠬᠠᠨ ᠤ ᠬᠤᠨᠢ ᠲᠡᠵᠢᠭᠡᠵᠦ ᠪᠤᠯᠬᠤ ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ ᠶᠢ 6 ᠪᠠᠶᠢᠭᠤᠯᠵᠤ᠂ 23 ᠲᠦᠮᠡᠨ ᠮᠢᠬᠠᠨ ᠤ ᠬᠤᠨᠢ ᠲᠡᠵᠢᠭᠡᠨ | ᠦᠷᠡᠵᠢᠭᠦᠯᠬᠦ ᠪᠠᠷ ᠲᠥᠯᠥᠪᠯᠡᠵᠦ ᠪᠠᠶᠢᠨ᠎ᠠ᠃ | — ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠪᠦᠭᠦ ᠬᠤᠲᠠ | ᠶᠢᠨ ᠰᠠᠭᠠᠯᠢ ᠶᠢᠨ ᠦᠨᠢᠶ᠎ᠡ 39 ᠲᠦᠮᠡ᠂ ᠮᠢᠬᠠᠨ ᠤ ᠬᠤᠨᠢ 300 ᠲᠦᠮᠡ᠂ ᠭᠠᠭ᠋ᠠᠢ 50 ᠲᠦᠮᠡ᠂ ᠪᠣᠷᠳᠣᠨ ᠲᠠᠷᠭᠤᠯᠠᠭᠤᠯᠬᠤ ᠦᠬᠡᠷ 2.1 ᠲᠦᠮᠡ ᠶᠢ | ᠳᠠᠪᠠᠵᠤ᠂ ᠮᠢᠬᠠᠨ ᠤ ᠲᠥᠷᠥᠯ ᠤᠨ ᠵᠢᠯ ᠤᠨ ᠭᠠᠷᠤᠯᠲᠠ 9 ᠲᠦᠮᠡᠨ ᠲᠣᠨ ᠳᠤ ᠭᠦᠷᠪᠡ᠃ ᠵᠢᠯ ᠳᠤ ᠬᠥᠬᠡ ᠳᠠᠷᠤᠰᠢ ᠶᠢᠨ ᠡᠷᠳᠡᠨᠢ ᠰᠢᠰᠢ 122.6 ᠲᠦᠮᠡᠨ | ᠮᠦ᠂ ᠪᠣᠷᠣ ᠴᠠᠷᠭᠠᠰᠤ 20.3 ᠲᠦᠮᠡᠨ ᠮᠦ᠂ ᠨᠣᠬᠠᠢ ᠶᠢᠨ ᠬᠤᠰᠢᠭᠤ 18.1 ᠲᠦᠮᠡᠨ ᠮᠦ ᠲᠠᠷᠢᠵᠤ ᠪᠤᠢ᠃ | — ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠴᠢᠩᠭᠠᠳᠬᠠᠪᠠ᠃ ᠴᠡᠯᠡᠭᠡᠷ ᠲᠠᠯ᠎ᠠ ᠶᠢᠨ ᠣᠯᠠᠨ | ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ᠂ ᠴᠡᠯᠡᠭᠡᠷ ᠲᠠᠯ᠎ᠠ ᠶᠢᠨ ᠣᠯᠠᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠶᠡᠭᠡ ᠬᠤᠷᠠᠯ | ᠵᠡᠷᠭᠡ ᠶᠢ ᠠᠮᠵᠢᠯᠲᠠ ᠲᠠᠢ ᠡᠷᠭᠢᠯᠡᠵᠦ᠂ ᠤᠯᠤᠰ ᠤᠨ ᠭᠠᠭ᠋ᠠᠢ ᠲᠡᠵᠢᠭᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠬᠤᠪᠢᠶᠠᠷᠢ | ᠲᠥᠪ ᠭᠦᠭᠡᠬᠤᠲᠠ ᠳᠤ ᠪᠠᠶᠢᠭᠤᠯᠤᠭᠳᠠᠪᠠ᠃ ᠤᠯᠤᠰ ᠤᠨ ᠲᠡᠰ ᠤᠨ 2 ᠡᠭᠦᠯᠳᠡᠷ ᠪᠣᠶᠢᠵᠢᠭᠤᠯᠬᠤ ᠲᠠᠯᠠᠪᠠᠢ ᠶᠢ ᠠᠮᠵᠢᠯᠲᠠ ᠲᠠᠢ ᠪᠠᠶᠢᠭᠤᠯᠵᠤ᠂ 16 ᠲᠠᠷᠢᠶᠠᠯᠠᠩ | ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠱᠢᠶ᠎ᠡ ᠦᠵᠡᠭᠦᠯᠭᠦ ᠰᠠᠭᠤᠷᠢᠨ ᠢ ᠰᠢᠨ᠎ᠡ ᠪᠠᠷ ᠮᠠᠭᠠᠳᠯᠠᠨ ᠲᠣᠭᠲᠠᠭᠠᠬᠤ ᠶᠢᠨ ᠬᠠᠮᠲᠤ ᠣᠯᠠᠨ ᠵᠦᠢᠯ ᠤᠨ | ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠪᠦᠬᠦᠢ ᠲᠠᠷᠢᠶᠠᠴᠢᠨ ᠵᠢᠴᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠪᠠ᠃ | — ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠶᠢ ᠪᠦᠭᠦ ᠲᠠᠯ᠎ᠠ ᠪᠠᠷ ᠳᠡᠯᠭᠡᠷᠡᠭᠦᠯᠦᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠴᠢᠬᠤᠯᠠ ᠶᠡᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠯᠥᠰᠦᠨ ᠲᠠᠷᠢᠶᠠᠴᠢᠨ ᠳᠤ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠤᠭᠰᠠᠨ ᠴᠠᠯᠢᠩ ᠢ ᠨᠢᠭᠡᠨᠲᠡ 2300 ᠲᠦᠮᠡᠨ ᠲᠥᠭᠦᠷᠢᠭ ᠲᠠᠷᠬᠠᠭᠠᠪᠠ᠃ ᠡᠯ᠎ᠡ ᠲᠥᠷᠥᠯ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ | ᠤ ᠵᠣᠬᠢᠶᠠᠨ ᠪᠠᠶᠢᠭᠤᠯᠤᠯᠲᠠ ᠶᠢ ᠰᠢᠨ᠎ᠡ ᠪᠠᠷ 67 ᠪᠠᠶᠢᠭᠤᠯᠵᠤ᠂ 182 ᠲᠦᠮᠡᠨ ᠮᠦ ᠭᠠᠵᠠᠷ ᠲᠠᠷᠢᠶᠠᠨ ᠳᠤ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠵᠦ ᠪᠤᠢ᠃ | | — ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠲᠦᠮᠵᠢᠲᠡᠶ ᠴᠢᠩᠭᠠᠳᠬᠠᠪᠠ᠃ ᠲᠠᠷᠢᠶᠠᠯᠠᠩ ᠤᠨ ᠠᠷᠪᠢᠲᠠᠢ ᠤᠰᠤᠯᠠᠯᠲᠠ ᠶᠢᠨ | ᠠᠵᠢᠯ ᠢ ᠢᠳᠡᠪᠬᠢᠲᠡᠢ ᠠᠬᠢᠭᠤᠯᠵᠤ᠂ ᠤᠰᠤ ᠠᠷᠪᠢᠯᠠᠨ ᠤᠰᠤᠯᠠᠬᠤ ᠲᠠᠷᠢᠶᠠᠨ ᠭᠠᠵᠠᠷ ᠤᠨ ᠲᠠᠯᠠᠪᠠᠢ 45.6 ᠲᠦᠮᠡᠨ ᠮᠦ ᠳᠤ ᠬᠦᠷᠭᠡᠪᠡ᠃ ᠬᠢᠮᠢ ᠶᠢᠨ | ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠲᠤᠰᠬᠠᠶᠢᠵᠢᠭᠰᠠᠨ | ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠲᠠᠷᠢᠶᠠᠨ ᠭᠠᠵᠠᠷ ᠤᠨ ᠲᠠᠯᠠᠪᠠᠶ ᠶᠢ 306.02 ᠲᠦᠮᠡᠨ ᠮᠦ ᠪᠡᠶᠡᠯᠡᠭᠦᠯᠵᠦ᠂ ᠲᠠᠷᠢᠶᠠᠨ ᠡᠮ ᠤᠨ ᠪᠣᠬᠢᠷᠳᠤᠯ | ᠦᠭᠡᠢ ᠰᠡᠷᠭᠡᠶᠢᠯᠡᠨ ᠡᠵᠡᠮᠳᠡᠬᠦ ᠲᠠᠷᠢᠶᠠᠨ ᠭᠠᠵᠠᠷ ᠤᠨ ᠲᠠᠯᠠᠪᠠᠶ ᠶᠢ 317.7 ᠲᠦᠮᠡᠨ ᠮᠦ ᠪᠡᠶᠡᠯᠡᠭᠦᠯᠵᠦ᠂ ᠬᠥᠷᠥᠰᠥ ᠰᠢᠷᠣᠢ ᠶᠢ ᠰᠢᠨᠵᠢᠨ ᠪᠣᠷᠳᠣᠭᠤᠷ | ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠣᠷᠮ᠎ᠠ ᠪᠣᠯᠣᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠴᠥᠮ | 90% ᠶᠢ ᠳᠠᠪᠠᠭᠤᠯᠪᠠ᠃ | |