ᠭᠦᠭᠡᠬᠤᠲᠠ —  ᠣᠷᠳᠣᠰ ᠬᠦᠷᠬᠦ ᠲᠦᠷᠭᠡᠨ ᠤ ᠵᠠᠰᠠᠮᠠᠯ ᠵᠠᠮ ᠢ ᠵᠠᠰᠠᠬᠤ ᠪᠠᠷ ᠪᠤᠢ
ᠨᠡᠶᠢᠲᠡᠯᠡᠭᠰᠡᠨ ᠴᠠᠭ᠄
2024/11/4
      ᠣᠶᠢᠷ᠎ᠠ ᠳᠤ S27 ᠭᠦᠭᠡᠬᠤᠲᠠ -ᠣᠷᠳᠣᠰ ᠬᠦᠷᠬᠦ ᠲᠦᠷᠭᠡᠨ ᠤ ᠵᠠᠰᠠᠮᠠᠯ ᠵᠠᠮ ᠤᠨ ᠲᠦᠷᠦᠯ ᠵᠦᠢᠯ︵ᠣᠷᠳᠣᠰ ᠤᠨ ᠬᠡᠰᠡᠭ︶ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ  ᠬᠢᠨᠠᠬᠤ ᠪᠠ  ᠭᠠᠵᠠᠷ  ᠰᠣᠩᠭᠤᠬᠤ ᠰᠠᠨᠠᠯ ᠤᠨ ᠪᠢᠴᠢᠭ ᠤᠨ ᠴᠣᠬᠤᠯᠠᠪᠤᠷᠢ ᠶᠢ ᠣᠯᠪᠠ᠃      ᠲᠣᠰ ᠲᠥᠷᠥᠯ ᠵᠦᠢᠯ ᠤᠨ ᠪᠦᠭᠦ ᠣᠷᠳᠣ ᠨᠢ 127.754 ᠺᠢᠯᠣᠮᠧᠲᠷ ᠪᠠᠶᠢᠵᠤ᠂ ᠭᠤᠣᠯ ᠱᠤᠭᠤᠮ ᠤᠨ ᠡᠭᠢᠯᠡᠯᠲᠡ ᠶᠢᠨ ᠴᠡᠭ ᠨᠢ ᠭᠦᠭᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤ ᠶᠢᠨ ᠤᠶᠢᠷᠠᠯᠴᠠᠭ᠎ᠠ ᠪᠠᠶᠢᠵᠤ᠂ ᠪᠠᠶᠢᠭᠤᠯᠬᠤ ᠪᠠᠷ ᠪᠠᠶᠢᠭ᠎ᠠ S27 ᠭᠦᠭᠡᠬᠤᠲᠠ - ᠣᠷᠳᠣᠰ ᠬᠦᠷᠬᠦ ᠲᠦᠷᠭᠡᠨ  ᠤ ᠵᠠᠰᠠᠮᠠᠯ ᠵᠠᠮ︵ᠭᠦᠭᠡᠬᠤᠲᠠ ᠶᠢᠨ ᠬᠡᠰᠡᠭ︶ ᠲᠠᠢ ᠰᠢᠭᠤᠳ ᠵᠠᠯᠭᠠᠵᠤ᠂ ᠪᠠᠷᠠᠭᠤᠨ ᠡᠮᠦᠨᠡᠰᠢ ᠬᠠᠲᠤᠨ ᠭᠤᠣᠯ ᠢ ᠰᠤᠨᠳᠠᠯᠠᠨ G65 ᠪᠤᠭᠤᠲᠤ - ᠮᠣᠣ ᠮᠢᠩ ᠬᠦᠷᠬᠦ ᠲᠦᠷᠭᠡᠨ ᠤ ᠵᠠᠰᠠᠮᠠᠯ ᠵᠠᠮ ᠤᠨ K136 + 830 ᠬᠡᠰᠡᠭ ᠲᠤ ᠬᠦᠷᠴᠦ᠂ G65 ᠪᠤᠭᠤᠲᠤ - ᠮᠣᠣ ᠮᠢᠩ ᠬᠦᠷᠬᠦ ᠲᠦᠷᠭᠡᠨ ᠤ ᠵᠠᠰᠠᠮᠠᠯ ᠵᠠᠮ ᠲᠠᠢ ᠰᠣᠯᠪᠢᠴᠠᠨ᠎ᠠ᠃ ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠢ ᠬᠤᠣᠰ ᠴᠢᠭᠯᠡᠯᠲᠦ 4 ᠲᠡᠷᠭᠡᠨ ᠤ ᠵᠠᠮ᠂ ᠴᠠᠭ ᠪᠦᠷᠢ 120 ᠺᠢᠯᠣᠮᠧᠲᠷ ᠤᠨ ᠬᠤᠷᠳᠤᠴᠠ ᠶᠢᠨ ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠦᠲᠦᠭᠡᠨ ᠪᠠᠶᠢᠭᠤᠯᠤᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ ᠣᠷᠳᠣᠰ - ᠭᠦᠭᠡᠬᠤᠲᠠ ᠬᠦᠷᠬᠦ ᠠᠶᠠᠯᠠᠯ ᠤᠨ ᠴᠠᠭ ᠢ 2 ᠴᠠᠭ ᠪᠣᠯᠭᠠᠨ ᠪᠣᠭᠤᠨᠢᠰᠬᠠᠵᠤ᠂ ᠬᠤᠶᠠᠷ ᠬᠤᠲᠠ ᠶᠢᠨ ᠬᠤᠭᠤᠷᠣᠨᠳᠣᠭᠢ ᠵᠠᠢ ᠪᠠᠷ ᠬᠠᠮᠤᠭ ᠤᠨ ᠣᠬᠤᠷ᠂ ᠴᠠᠭ ᠢᠶᠠᠷ ᠬᠠᠮᠤᠭ ᠤᠨ ᠪᠣᠭᠤᠨᠢ᠂ ᠶᠠᠪᠤᠵᠤ ᠰᠠᠭᠤᠬᠤ ᠳᠤ ᠬᠠᠮᠤᠭ ᠤᠨ ᠰᠢᠯᠤᠭᠤᠨ ᠲᠦᠷᠭᠡᠨ ᠤ ᠵᠠᠰᠠᠮᠠᠯ ᠵᠠᠮ ᠪᠣᠯᠵᠤ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ᠂ ᠭᠦᠭᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠡᠷᠴᠢᠮᠲᠡᠢ ᠬᠥᠭᠵᠢᠶᠡᠨᠲᠡᠢ ᠠᠵᠤ ᠠᠬᠤᠢ ᠶᠢᠨ ᠨᠡᠮᠡᠭᠳᠡᠯ ᠤᠨ ᠪᠦᠰᠡ ᠶᠢ ᠪᠤᠶ ᠪᠤᠯᠭᠠᠬᠤ ᠳᠤ ᠴᠢᠬᠤᠯᠠ ᠦᠢᠯᠡᠳᠦᠯ ᠦᠵᠡᠭᠦᠯᠭᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ