ᠭᠦᠭᠡᠬᠤᠲᠠ ᠶᠢᠨ ᠨᠢᠰᠬᠡᠯ ᠤᠨ ᠪᠠᠭᠤᠳᠠᠯ10 ᠰᠠᠷ᠎ᠠ ᠶᠢᠨ 27 ᠤ ᠡᠳᠦᠷ ᠠᠴᠠ ᠡᠬᠢᠯᠡᠨ 2024 ᠣᠨ ᠤ ᠡᠪᠦᠯ ᠤᠨ ᠤᠯᠠᠷᠢᠯ ᠤᠨ ᠠᠭᠠᠷ ᠤᠨ | ᠠᠶᠠᠯᠠᠯ ᠤᠨ ᠱᠤᠭᠤᠮ ᠢ ᠬᠡᠷᠡᠭᠵᠢᠭᠦᠯᠵᠦ᠂ 2025 ᠣᠨ ᠤ 3 ᠰᠠᠷ᠎ᠠ ᠶᠢᠨ 29 ᠤ ᠡᠳᠦᠷ ᠪᠤᠯᠲᠠᠯ᠎ᠠ ᠨᠡᠶᠢᠲᠡ 155 ᠡᠳᠦᠷ ᠬᠡᠷᠡᠭᠵᠢᠭᠦᠯᠬᠦ ᠪᠣᠯᠣᠨ᠎ᠠ᠃ ᠲᠤᠰ | ᠨᠢᠰᠬᠡᠯ ᠤᠨ ᠪᠠᠭᠤᠳᠠᠯ ᠠᠶᠠᠨᠴᠢᠳ ᠤᠨ ᠣᠯᠠᠨ ᠡᠰᠢᠵᠢᠭᠰᠡᠨ ᠠᠶᠠᠯᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ︽ᠭᠤᠣᠯ ᠱᠤᠭᠤᠮ ᠪᠠ ᠰᠠᠯᠪᠤᠷᠢ | ᠱᠤᠭᠤᠮ ᠬᠠᠮᠲᠤᠷᠠᠨ ᠬᠥᠳᠡᠯᠦᠯᠴᠡᠬᠦ︾ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠭᠠᠷ ᠤᠨ ᠠᠶᠠᠯᠠᠯ ᠤᠨ ᠲᠣᠣᠷ ᠢ ᠰᠢᠯᠢᠳᠡᠭᠵᠢᠭᠦᠯᠦᠨ | ᠠᠭᠠᠷ ᠤᠨ ᠠᠶᠠᠯᠠᠯ ᠤᠨ ᠱᠤᠭᠤᠮ ᠢ ᠨᠢᠭᠲᠠᠷᠠᠭᠤᠯᠤᠭᠰᠠᠨ ᠪᠠᠶᠢᠨ᠎ᠠ᠃ | ᠡᠪᠦᠯ ᠤᠨ ᠤᠯᠠᠷᠢᠯ ᠤᠨ ᠠᠭᠠᠷ ᠤᠨ ᠠᠶᠠᠯᠠᠯ ᠤᠨ ᠱᠤᠭᠤᠮ ᠢ ᠬᠡᠷᠡᠭᠵᠢᠭᠦᠯᠦᠭᠰᠡᠨ ᠤ ᠳᠠᠷᠠᠭ᠎ᠠ᠂ ᠭᠦᠭᠡᠬᠤᠲᠠ ᠶᠢᠨ ᠨᠢᠰᠬᠡᠯ ᠤᠨ ᠪᠠᠭᠤᠳᠠᠯ ᠡᠳᠦᠷ | ᠪᠦᠷᠢ ᠳᠤᠮᠳᠠᠴᠢ ᠪᠠᠷ 381 ᠡᠭᠡᠯᠵᠢ ᠶᠢᠨ ᠨᠢᠰᠬᠡᠯ ᠤᠨ ᠨᠢᠰᠴᠦ ᠪᠠᠭᠤᠬᠤ ᠶᠢ ᠪᠠᠲᠤᠯᠠᠵᠤ᠂ 141 ᠵᠤᠷᠪᠤᠰ ᠠᠭᠠᠷ ᠤᠨ ᠠᠶᠠᠯᠠᠯ ᠤᠨ ᠱᠤᠭᠤᠮ ᠢ | ᠠᠵᠢᠯᠯᠠᠭᠤᠯᠤᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10 ᠨᠡᠮᠡᠭᠳᠡᠭᠦᠯᠵᠦ᠂ 89 ᠬᠤᠳᠠ ᠳᠤ ᠠᠶᠠᠯᠠᠯ ᠨᠡᠪᠲᠡᠷᠡᠭᠦᠯᠦᠨ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 11 ᠨᠡᠮᠡᠭᠳᠡᠭᠦᠯᠪᠡ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠴᠧᠩᠳᠦ᠋ | ᠴᠦᠩᠴᠢᠩ ᠤᠨ ᠬᠤᠳᠠ ᠶᠢᠨ ᠪᠦᠯᠦᠭᠵᠢᠯ ᠤᠨ ᠠᠭᠠᠷ ᠤᠨ ᠠᠶᠠᠯᠠᠯ ᠤᠨ ᠱᠤᠭᠤᠮ ᠤᠨ ᠲᠣᠣᠷ ᠢ ᠭᠤᠣᠯᠳᠠᠯᠭ᠎ᠠ ᠲᠠᠢ ᠪᠠᠶᠢᠭᠤᠯᠵᠤ᠂ ᠠᠩᠬ᠎ᠠ ᠤᠳᠠᠭ᠎ᠠ 40 | ᠮᠢᠩᠭᠠᠨ ᠲᠦᠮᠡᠨ ᠳᠡᠰ ᠤᠨ ᠨᠢᠰᠬᠡᠯ ᠤᠨ ᠪᠠᠭᠤᠳᠠᠯ ᠲᠠᠢ ᠪᠦᠭᠦ ᠲᠠᠯ᠎ᠠ ᠪᠠᠷ ᠠᠶᠠᠯᠠᠯ ᠨᠠᠪᠲᠠᠷᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3 | ᠨᠡᠮᠡᠭᠳᠡᠭᠦᠯᠪᠡ᠃ ᠡᠭᠦᠨ ᠳᠤ ᠭᠦᠭᠡᠬᠤᠲᠠ ᠠᠴᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠵᠦᠭ ᠡᠳᠦᠷ ᠪᠦᠷᠢ ᠳᠤᠮᠳᠠᠴᠢ ᠪᠠᠷ 23 ᠡᠭᠡᠯᠵᠢ | ᠨᠢᠰᠬᠡᠯ ᠲᠣᠬᠢᠷᠠᠭᠤᠯᠤᠨ᠂ ᠴᠧᠩᠳᠦ᠋ ᠴᠦᠩᠴᠢᠩ ᠭᠠᠵᠠᠷ ᠣᠷᠣᠨ ᠵᠦᠭ ᠡᠳᠦᠷ ᠪᠦᠷᠢ ᠳᠤᠮᠳᠠᠴᠢ ᠪᠠᠷ ᠪᠠᠷᠤᠭ 10 ᠡᠭᠡᠯᠵᠢ ᠨᠢᠰᠬᠡᠯ ᠲᠣᠬᠢᠷᠠᠭᠤᠯᠵᠤ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠵᠦᠭ ᠡᠳᠦᠷ ᠪᠦᠷᠢ ᠳᠤᠮᠳᠠᠴᠢ ᠪᠠᠷ 11 ᠡᠭᠡᠯᠵᠢ ᠨᠢᠰᠬᠡᠯ ᠲᠣᠬᠢᠷᠠᠭᠤᠯᠵᠠᠢ᠃ ᠡᠭᠦᠨ ᠤ | ᠬᠠᠮᠲᠤ ᠭᠦᠭᠡᠬᠤᠲᠠ - ᠤᠯᠠᠭᠠᠨᠬᠠᠳᠠ ᠬᠦᠷᠬᠦ ᠨᠢᠰᠬᠡᠯ ᠢ ᠡᠳᠦᠷ ᠪᠦᠷᠢ ᠳᠤᠮᠳᠠᠴᠢ ᠪᠠᠷ 15 ᠡᠭᠡᠯᠵᠢ᠂ ᠰᠢᠯᠢᠩᠬᠤᠲᠠ ᠬᠦᠷᠬᠦ ᠨᠢᠰᠬᠡᠯ ᠢ ᠡᠳᠦᠷ ᠪᠦᠷᠢ | ᠳᠤᠮᠳᠠᠴᠢ ᠪᠠᠷ 13 -14 ᠡᠭᠡᠯᠵᠢ᠂ ᠲᠦᠩᠯᠢᠶᠣᠣ ᠬᠦᠷᠬᠦ ᠨᠢᠰᠬᠡᠯ ᠢ ᠡᠳᠦᠷ ᠪᠦᠷᠢ ᠳᠤᠮᠳᠠᠴᠢ ᠪᠠᠷ 11 - 12 ᠡᠭᠡᠯᠵᠢ᠂ ᠬᠥᠯᠥᠨ ᠪᠤᠶᠢᠷ ᠬᠦᠷᠬᠦ ᠨᠢᠰᠬᠡᠯ ᠢ | ᠡᠳᠦᠷ ᠪᠦᠷᠢ ᠳᠤᠮᠳᠠᠴᠢ ᠪᠠᠷ 10 ᠡᠭᠡᠯᠵᠢ᠂ ᠤᠯᠠᠭᠠᠨᠬᠤᠲᠠ ᠬᠦᠷᠬᠦ ᠨᠢᠰᠬᠡᠯ ᠢ ᠡᠳᠦᠷ ᠪᠦᠷᠢ ᠳᠤᠮᠳᠠᠴᠢ ᠪᠠᠷ 7 - 8 ᠡᠭᠡᠯᠵᠢ ᠲᠣᠬᠢᠷᠠᠭᠤᠯᠵᠤ᠂ ᠣᠷᠣᠨ ᠤ | ᠳᠣᠲᠣᠷᠠᠬᠢ ᠪᠤᠰᠤᠳ ᠨᠢᠰᠬᠡᠯ ᠤᠨ ᠪᠠᠭᠤᠳᠠᠯ ᠬᠦᠷᠬᠦ ᠨᠢᠰᠬᠡᠯ ᠢ ᠡᠳᠦᠷ ᠪᠦᠷᠢ ᠳᠤᠮᠳᠠᠴᠢ ᠪᠠᠷ 1- 5 ᠡᠭᠡᠯᠵᠢ ᠲᠣᠬᠢᠷᠠᠭᠤᠯᠪᠠ᠃ |