ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠮᠡᠳᠡᠭᠳᠡᠯ ᠨᠡᠶᠢᠲᠡᠯᠡᠵᠦ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢ 15 ᠮᠢᠨᠦ᠋ᠲ ᠪᠣᠯᠭᠠᠬᠤ ᠶᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2024/11/4
      ︵ᠳᠠᠳᠤᠯᠭ᠎ᠠ ᠶᠢᠨ ᠰᠤᠷᠪᠤᠯᠵᠢᠯᠠᠭᠴᠢ  ᠷᠦᠸᠧ ᠭᠦ᠋︶  ᠣᠶᠢᠷ᠎ᠠ ᠶᠢᠨ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠪᠦᠬᠦ ᠬᠤᠲᠠ ᠶᠢᠨ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷ ᠤᠨ ᠵᠠᠪᠰᠠᠷᠯᠠᠭ᠎ᠠ ᠶᠢ 15 ᠮᠢᠨᠦ᠋ᠲ ᠪᠣᠯᠭᠠᠬᠤ ᠶᠢ ᠵᠣᠷᠢᠭᠵᠢᠭᠤᠯᠬᠤ ᠲᠤᠬᠠᠢ ᠮᠡᠳᠡᠭᠳᠡᠯ︾ ︵ᠳᠣᠣᠷ᠎ᠠ ︽ᠮᠡᠳᠡᠭᠳᠡᠯ︾ ᠭᠡᠵᠦ ᠲᠣᠪᠴᠢᠯᠠᠨ᠎ᠠ︶ ᠲᠠᠷᠬᠠᠭᠠᠵᠤ᠂ ᠪᠦᠬᠦ ᠬᠤᠲᠠ ᠶᠢᠨ ᠡᠩ ᠤᠨ ᠳᠤᠮᠳᠠᠳᠤ ᠪᠠᠭ᠎ᠠ ᠰᠤᠷᠭᠠᠭᠤᠯᠢ ᠳᠤ 15 ᠮᠢᠨᠦ᠋ᠲ ᠤᠨ ᠬᠢᠴᠢᠶᠡᠯ ᠤᠨ  ᠵᠠᠪᠰᠠᠷᠯᠠᠭ᠎ᠠ ᠶᠢ ᠳᠡᠯᠭᠡᠷᠡᠭᠦᠯᠦᠨ ᠬᠡᠷᠡᠭᠵᠢᠭᠦᠯᠵᠦ ᠶᠢ ᠵᠤᠷᠢᠭᠵᠢᠭᠤᠯᠵᠤ᠂ ᠪᠠᠭᠰᠢ ᠰᠤᠷᠤᠭᠴᠢᠳ ᠲᠤ ᠨᠡᠩ ᠠᠭᠤᠵᠢᠭᠤ ᠲᠠᠭᠠᠯᠠᠮᠵᠢᠲᠠᠢ ᠬᠢᠴᠢᠶᠡᠯ ᠤᠨ ᠵᠠᠪᠰᠠᠷᠯᠠᠭ᠎ᠠ ᠬᠠᠩᠭᠠᠪᠠ᠃ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠰᠢᠯᠢᠳᠡᠭᠵᠢᠭᠦᠯᠦᠨ ᠲᠣᠬᠢᠷᠠᠭᠤᠯᠤᠭᠰᠠᠨ ᠤ ᠳᠠᠷᠠᠭ᠎ᠠ᠂ ᠡᠯ᠎ᠡ ᠰᠤᠷᠭᠠᠭᠤᠯᠢ ᠦᠳᠡ ᠶᠢᠨ ᠡᠮᠦᠨ᠎ᠡ ᠰᠤᠷᠭᠠᠭᠤᠯᠢ ᠳᠤ ᠬᠦᠷᠬᠦ᠂ ᠦᠳᠡ ᠶᠢᠨ ᠬᠤᠶᠢᠨ᠎ᠠ ᠰᠤᠷᠭᠠᠭᠤᠯᠢ ᠲᠠᠷᠬᠠᠬᠤ ᠪᠠ ᠦᠳᠡ ᠶᠢᠨ ᠠᠮᠠᠷᠠᠯᠲᠠ᠂ ᠦᠳᠡ ᠶᠢᠨ ᠬᠤᠭᠤᠯᠠᠨ ᠤ ᠴᠠᠭ ᠢ ᠬᠤᠪᠢᠷᠠᠭᠤᠯᠬᠤ ᠥᠬᠡᠶ ᠃      ︽ᠮᠡᠳᠡᠭᠳᠡᠯ︾ ᠳᠤ᠂ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠵᠣᠬᠢᠰᠲᠠᠶ ᠤᠷᠲᠤᠳᠬᠠᠨ᠂ 1—2 ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠠᠮᠢᠳᠤᠯᠢᠭ ᠢᠶᠠᠷ ᠲᠣᠬᠢᠷᠠᠭᠤᠯᠵᠤ᠂ ᠰᠤᠷᠤᠭᠴᠢᠳ ᠤᠨ ᠭᠦᠢᠴᠡᠳ ᠠᠮᠠᠷᠠᠬᠤ ᠪᠠ ᠬᠥᠳᠡᠯᠭᠡᠭᠡᠨ ᠬᠢᠬᠦ ᠴᠠᠭ ᠲᠠᠢ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ