ᠣᠶᠢᠷ᠎ᠠ ᠶᠢᠨ ᠵᠢᠯ ᠤᠨ ᠲᠤᠷᠰᠢ᠂ ᠭᠦᠭᠡᠬᠤᠲᠠ ᠣᠶᠤᠲᠠᠳ ᠤᠨ ᠠᠵᠢᠯ ᠣᠯᠭᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠤᠣᠯᠲᠤ | ᠪᠣᠷᠣ ᠶᠢ ᠦᠨᠳᠦᠰᠦᠯᠡᠭᠦᠯᠬᠦ︾ ᠲᠥᠯᠥᠪᠯᠡᠭᠡ ᠪᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠦᠭᠡᠬᠤᠲᠠ ᠳᠤ ᠦᠯᠡᠳᠡᠵᠦ ᠠᠵᠢᠯ ᠣᠯᠵᠤ | ᠦᠢᠯᠡᠰ ᠪᠣᠰᠬᠠᠬᠤ ᠶᠢ ᠬᠥᠲᠥᠯᠥᠨ ᠳᠠᠭᠠᠭᠤᠯᠵᠤ᠂ ᠭᠤᠷᠪᠠᠨ ᠵᠢᠯ ᠳᠤ ᠭᠦᠭᠡᠬᠤᠲᠠ ᠳᠤ ᠦᠯᠡᠳᠡᠬᠦ᠂ ᠭᠦᠭᠡᠬᠤᠲᠠ ᠳᠤ ᠢᠷᠡᠵᠦ ᠠᠵᠢᠯ ᠣᠯᠵᠤ ᠦᠢᠯᠡᠰ | ᠪᠣᠰᠬᠠᠬᠤ ᠣᠶᠤᠲᠠᠳ 12.27 ᠲᠦᠮᠡᠨ ᠬᠥᠮᠥᠨ ᠳᠤ ᠭᠦᠷᠪᠡ᠃ | ᠣᠶᠢᠯᠠᠭᠠᠭᠰᠠᠨ ᠢᠶᠠᠷ᠂ ᠭᠦᠭᠡᠬᠤᠲᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠶᠢᠨ ᠲᠥᠯᠥᠭᠡ᠂ 2022 ᠣᠨ ᠳᠤ ᠭᠦᠭᠡᠬᠤᠲᠠ ︽ᠠᠷᠪᠠᠨ ᠲᠦᠮᠡᠨ ᠣᠶᠤᠲᠠᠳ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠢ ᠡᠬᠢᠯᠡᠭᠦᠯᠵᠦ᠂ | ᠲᠥᠷᠥ ᠶᠢᠨ ᠪᠣᠳᠣᠯᠭ᠎ᠠ ᠪᠠᠷ ᠲᠡᠳᠬᠦᠬᠦ᠂ ᠲᠠᠪᠴᠠᠩ ᠪᠠᠶᠢᠭᠤᠯᠬᠤ᠂ ᠦᠢᠯᠡᠴᠢᠯᠡᠭᠡ ᠪᠠᠨ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ | ︽ᠭᠤᠣᠯᠲᠤ ᠪᠣᠷᠣ ᠶᠢ ᠦᠨᠳᠦᠰᠦᠯᠡᠭᠦᠯᠬᠦ︾ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠨᠠᠷᠠᠲᠤ ᠲᠡᠮᠳᠡᠭᠲᠦ ᠶᠢ ᠪᠣᠶᠢᠵᠢᠭᠤᠯᠵᠠᠢ᠃ | ᠣᠶᠢᠯᠠᠭᠠᠭᠰᠠᠨ ᠢᠶᠠᠷ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠠᠵᠢᠯ | ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ︾᠂ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠪᠠᠷ ᠠᠵᠢᠯ ᠣᠯᠭᠤᠯᠲᠠ ᠶᠢ ᠠᠬᠢᠭᠤᠯᠬᠤ︾᠂ | ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠰᠢᠷᠢᠰ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠨ᠂ ᠵᠠᠬ᠎ᠠ ᠳᠡᠯᠭᠡᠭᠦᠷ ᠤᠨ ᠠᠵᠢᠯ ᠣᠯᠭᠤᠯᠲᠠ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ | ᠬᠠᠪᠰᠤᠷᠤᠨ ᠲᠡᠳᠬᠦᠵᠦ ᠠᠵᠢᠯ ᠣᠯᠭᠤᠬᠤ ︽ᠬᠤᠣᠰ ᠴᠢᠭᠯᠡᠯ︾ ᠢᠶᠠᠷ ᠬᠦᠴᠦᠯᠡᠵᠦ᠂ ᠠᠷᠭ᠎ᠠ ᠪᠦᠭᠦᠨ ᠢ ᠰᠦᠪᠡᠭᠴᠢᠯᠡᠨ ᠣᠶᠤᠲᠠᠳ ᠤᠨ ᠭᠦᠭᠡᠬᠤᠲᠠ ᠳᠤ | ᠦᠯᠡᠳᠡᠵᠦ ᠠᠵᠢᠯ ᠣᠯᠬᠤ ᠠᠷᠭ᠎ᠠ ᠵᠠᠮ ᠢ ᠥᠷᠭᠡᠳᠭᠡᠪᠡ᠃ ᠡᠨᠡ ᠵᠢᠯ ᠤᠨ 1 - 8 ᠰᠠᠷ᠎ᠠ ᠪᠤᠯᠲᠠᠯ᠎ᠠ᠂ ᠪᠦᠭᠦ ᠬᠤᠲᠠ ᠳᠤ ᠰᠢᠨ᠎ᠡ ᠪᠠᠷ 39 ᠠᠵᠤ | ᠦᠢᠯᠡᠳᠪᠦᠷᠢ ᠶᠢᠨ ᠠᠵᠤ ᠠᠬᠤᠶᠢᠯᠠᠯ ᠨᠡᠮᠡᠭᠳᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 74 ᠲᠥᠷᠥᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠵᠤ᠂ | 1 ᠲᠦᠮᠡ ᠭᠠᠷᠤᠢ ᠠᠵᠢᠯ ᠤᠨ ᠪᠠᠶᠢᠷᠢ ᠶᠢ ᠳᠠᠶᠢᠴᠢᠯᠠᠪᠠ᠃ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠡᠷᠢᠬᠦ︾ ᠠᠵᠢᠯᠯᠠᠭ᠎ᠠ ᠶᠢ ᠶᠡᠭᠡ ᠪᠠᠷ | ᠥᠷᠨᠢᠭᠦᠯᠵᠦ᠂ ᠴᠢᠨᠠᠷ ᠰᠠᠶᠢᠲᠠᠢ ᠠᠵᠢᠯ ᠤᠨ ᠪᠠᠶᠢᠷᠢ ᠶᠢ ᠨᠡᠶᠢᠲᠡ 36 ᠲᠦᠮᠡᠨ ᠤᠳᠠᠭ᠎ᠠ ᠬᠠᠩᠭᠠᠪᠠ᠃ ︽ᠵᠠᠰᠠᠭ ᠵᠠᠬᠢᠷᠭ᠎ᠠ ᠰᠤᠷᠭᠠᠭᠤᠯᠢ ᠠᠵᠤ ᠠᠬᠤᠶᠢᠯᠠᠯ︾ | ᠤᠨ ᠠᠵᠢᠯ ᠣᠯᠭᠤᠯᠲᠠ ᠶᠢᠨ ᠬᠥᠭᠵᠢᠯᠲᠡ ᠶᠢᠨ ᠬᠤᠯᠪᠤᠭ᠎ᠠ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠡᠯ᠎ᠡ ᠲᠥᠷᠥᠯ ᠤᠨ ᠤᠷᠢᠨ | ᠡᠯᠰᠡᠬᠦ ᠠᠵᠢᠯᠯᠠᠭ᠎ᠠ ᠶᠢ 116 ᠤᠳᠠᠭ᠎ᠠ ᠡᠷᠭᠢᠯᠡᠵᠦ᠂ ᠠᠵᠢᠯ ᠣᠯᠭᠤᠬᠤ ᠰᠠᠨᠠᠮᠵᠢ ᠶᠢ 4.92 ᠲᠦᠮᠡᠨ ᠬᠥᠮᠥᠨ ᠤᠳᠠᠭ᠎ᠠ ᠳᠣᠭᠢᠷᠠᠭᠤᠯᠵᠠᠢ᠃ ᠤᠷᠢᠳ | ᠬᠤᠵᠢᠳ 611 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠶᠡᠭᠡ ᠳᠡᠭᠡᠳᠦ ᠰᠤᠷᠭᠠᠭᠤᠯᠢ ᠳᠤ ᠬᠦᠷᠴᠦ ᠲᠤᠬᠠᠢ ᠶᠢᠨ ᠲᠠᠯᠠᠪᠠᠢ ᠶᠢᠨ ᠤᠷᠢᠨ ᠡᠯᠰᠡᠬᠦ | ᠴᠤᠭᠯᠠᠭᠠᠨ ᠡᠷᠭᠢᠯᠡᠵᠤ᠂ 2.12 ᠲᠦᠮᠡᠨ ᠤᠳᠠᠭ᠎ᠠ ᠠᠵᠢᠯ ᠤᠨ ᠪᠠᠶᠢᠷᠢ ᠬᠠᠩᠭᠠᠪᠠ᠃ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠢᠭᠤᠳ ᠨᠡᠪᠲᠡᠷᠡᠭᠦᠯᠭᠡ ᠪᠠᠷ ᠠᠵᠢᠯ ᠣᠯᠭᠤᠯᠲᠠ ᠶᠢ ᠳᠠᠶᠢᠴᠢᠯᠠᠬᠤ ᠰᠠᠭᠤᠷᠢᠨ ᠳᠤ ᠲᠦᠰᠢᠭᠯᠡᠨ᠂ | 498 ᠲᠠᠯᠠᠪᠤᠷ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ᠃ | ᠡᠭᠦᠨ ᠤ ᠳᠠᠭᠠᠤ᠂ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠭᠦ ᠲᠥᠷᠥᠯ ᠵᠦᠢᠯ ᠳᠤ ᠲᠦᠰᠢᠭᠯᠡᠨ᠂ | ︽ᠭᠤᠣᠯᠲᠤ ᠪᠣᠷᠣ︾ ᠣᠶᠤᠲᠠᠳ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠰᠠᠭᠤᠷᠢᠨ ᠢ ᠪᠦᠲᠦᠭᠡᠨ ᠪᠠᠶᠢᠭᠤᠯᠪᠠ᠃ ᠮᠡᠷᠭᠡᠵᠢᠯ | ᠴᠢᠳᠠᠪᠤᠷᠢ ᠪᠠᠨ ᠳᠡᠭᠡᠭᠰᠢᠯᠡᠭᠦᠯᠭᠦ ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠪᠤᠰᠤᠳ | ᠵᠠᠯᠠᠭᠤᠴᠤᠳ ᠲᠤ ᠬᠠᠨᠳᠤᠭᠤᠯᠤᠨ ᠵᠣᠬᠢᠶᠠᠮᠠᠯ ᠣᠶᠤᠨ ᠴᠢᠳᠠᠪᠤᠷᠢ᠂ ᠵᠠᠭᠤᠴᠢᠯᠠᠭᠤᠷ ᠤᠨ ᠡᠵᠡᠩᠨᠡᠯᠲᠡ᠂ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠵᠡᠷᠭᠡ ᠰᠢᠨ᠎ᠡ | ᠠᠵᠢᠯ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠪᠣᠯᠪᠠᠰᠤᠷᠠᠯ ᠢ ᠥᠷᠨᠢᠭᠦᠯᠵᠦ᠂ ᠵᠢᠯ ᠤᠨ ᠡᠬᠢᠨ ᠠᠴᠠ ᠨᠠᠭᠠᠰᠢ ᠣᠶᠤᠲᠠᠳ ᠢ ᠵᠣᠬᠢᠶᠠᠨ ᠪᠠᠶᠢᠭᠤᠯᠤᠨ | 1.8 ᠲᠦᠮᠡᠨ ᠬᠥᠮᠥᠨ ᠤᠳᠠᠭ᠎ᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠪᠡ᠃ ᠦᠢᠯᠡᠰ ᠪᠣᠰᠬᠠᠬᠤ ᠠᠶᠠᠯᠠᠯ ᠲᠤᠰᠠᠯᠠᠬᠤ ᠠᠵᠢᠯᠯᠠᠭᠠᠨ ᠢ | ᠬᠡᠷᠡᠭᠵᠢᠭᠦᠯᠵᠦ᠂ ᠪᠦᠭᠦ ᠬᠤᠲᠠ ᠳᠤ 36 ᠦᠢᠯᠡᠰ ᠪᠣᠰᠬᠠᠬᠤ ᠪᠣᠯᠪᠠᠰᠤᠷᠠᠯ ᠤᠨ ᠴᠡᠭ ᠪᠠ ᠲᠣᠭᠲᠠᠭᠠᠭᠰᠠᠨ ᠪᠠᠶᠢᠭᠤᠯᠤᠮᠵᠢ ᠶᠢ ᠴᠤᠭᠯᠠᠭᠤᠯᠵᠤ᠂ 3261 ᠬᠥᠮᠥᠨ | ᠤᠳᠠᠭ᠎ᠠ ᠶᠢᠨ ᠦᠢᠯᠡᠰ ᠪᠣᠰᠬᠠᠬᠤ ᠪᠣᠯᠪᠠᠰᠤᠷᠠᠯ ᠢ ᠥᠷᠨᠢᠭᠦᠯᠵᠦ᠂ 8932 ᠣᠶᠤᠲᠠᠨ ᠢ ᠦᠢᠯᠡᠰ ᠪᠣᠰᠬᠠᠬᠤ ᠳᠠᠳᠤᠯᠭ᠎ᠠ ᠪᠣᠯᠪᠠᠰᠤᠷᠠᠯ ᠳᠤ ᠣᠷᠣᠯᠴᠠᠭᠤᠯᠵᠤ᠂ | 5121 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠠᠢ᠃ | |