ᠮᠠᠰᠢᠨ ᠲᠡᠷᠭᠡᠨ ᠤ ᠵᠠᠮᠨᠠᠬᠤ ᠦᠨᠡᠮᠯᠡᠯ ᠢ ᠡᠯᠧᠺᠲᠷᠤᠨᠴᠢᠯᠡᠬᠤ ᠶᠢ ᠭᠤᠷᠪᠠᠨ ᠪᠦᠯᠦᠭ ᠬᠤᠪᠢᠶᠠᠨ ᠪᠦᠭᠦ ᠤᠯᠤᠰ ᠲᠤ ᠳᠡᠯᠭᠡᠷᠡᠭᠦᠯᠦᠨ ᠬᠡᠷᠡᠭᠯᠡᠨ᠎ᠡ
ᠨᠡᠶᠢᠲᠡᠯᠡᠭᠰᠡᠨ ᠴᠠᠭ᠄
2024/11/7
      ᠰᠤᠷᠪᠤᠯᠵᠢᠯᠠᠬᠴᠢ 3 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ ᠥᠭᠡᠷᠡᠴᠢᠯᠡᠯᠲᠡ ᠶᠢᠨ ᠠᠰᠢᠭ ᠬᠦᠷᠲᠡᠭᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ 11 ᠰᠠᠷ᠎ᠠ ᠶᠢᠨ 4 ᠤ ᠡᠳᠦᠷ ᠠᠴᠠ 12 ᠰᠠᠷ᠎ᠠ ᠶᠢᠨ 2 ᠤᠨ ᠡᠳᠦᠷ ᠪᠤᠯᠲᠠᠯ᠎ᠠ ᠪᠦᠭᠦ ᠤᠯᠤᠰ ᠲᠤ ᠭᠤᠷᠪᠠᠨ ᠪᠦᠯᠦᠭ ᠬᠤᠪᠢᠶᠠᠨ ᠮᠠᠰᠢᠨ ᠲᠡᠷᠭᠡᠨ ᠤ ᠵᠠᠮᠨᠠᠬᠤ ᠦᠨᠡᠮᠯᠡᠯ ᠢ ᠡᠯᠧᠺᠲᠷᠤᠨᠴᠢᠯᠠᠬᠤ ᠶᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠠᠵᠢᠯ ᠶᠠᠪᠤᠳᠠᠯ ᠭᠦᠢᠴᠡᠳᠬᠡᠬᠦ ᠭᠠᠷ ᠭᠦᠢᠴᠡᠳᠬᠡᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠳᠥᠭᠦᠮᠴᠢᠯᠡᠨ᠂ ᠦᠨᠡᠮᠯᠡᠯ ᠤᠨ ᠬᠡᠷᠡᠭᠯᠡᠯᠲᠡ ᠶᠢᠨ ᠲᠥᠭᠦᠮ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠵᠦ ᠶᠠᠪᠤᠵᠤ ᠰᠠᠭᠤᠬᠤ ᠳᠤ ᠨᠠᠩ ᠰᠠᠶᠢᠨ ᠲᠥᠭᠦᠮ ᠦᠵᠡᠭᠦᠯᠭᠦ ᠲᠤᠬᠠᠢ ᠪᠠᠶᠢᠷᠢᠯᠠᠭᠤᠯᠤᠯᠲᠠ ᠬᠢᠪᠡ᠃ ᠲᠡᠷᠭᠡᠨ ᠤ ᠡᠵᠡᠨ ᠲᠣᠰ ᠭᠠᠵᠠᠷ ᠤᠨ ᠢᠶᠠᠨ ᠡᠬᠢᠯᠡᠵᠦ ᠬᠡᠷᠡᠭᠯᠡᠬᠦ ᠴᠠᠭ ᠤᠨ ᠲᠣᠬᠢᠷᠠᠭᠤᠯᠤᠯᠲᠠ ᠲᠠᠢ ᠯᠠᠪᠯᠠᠵᠤ᠂ ᠪᠦᠭᠦ ᠤᠯᠤᠰ ᠤᠨ ᠨᠢᠭᠡᠳᠦᠯᠲᠡᠢ ︽ᠵᠠᠮ ᠬᠠᠷᠢᠯᠴᠠᠭᠠᠨ ᠤ ᠬᠠᠮᠢᠶᠠᠷᠤᠯᠲᠠ 12123︾ App ᠪᠠᠷ ᠳᠡᠮᠵᠢᠨ ᠡᠯᠧᠺᠲᠷᠣᠨ ᠵᠠᠮᠨᠠᠬᠤ ᠦᠨᠡᠮᠯᠡᠯ ᠭᠤᠶᠤᠴᠢᠯᠠᠵᠤ ᠪᠣᠯᠣᠨ᠎ᠠ᠃      ᠡᠨᠡ ᠵᠢᠯ ᠤᠨ 7 ᠰᠠᠷ᠎ᠠ ᠶᠢᠨ 1 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 8 ᠵᠦᠢᠯ ᠤᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠪᠡ᠂ ᠡᠭᠦᠨ ᠳᠤ ᠪᠡᠭᠡᠵᠢᠩ᠂ ᠲᠢᠶᠠᠨᠵᠢᠨ᠂ ᠰᠦᠵᠧᠦ ᠵᠡᠷᠭᠡ 60 ᠬᠤᠲᠠ ᠳᠤ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ ᠡᠯᠧᠺᠲᠷᠤᠨᠴᠢᠯᠠᠬᠤ ᠶᠢ ᠲᠤᠷᠰᠢᠨ ᠬᠡᠷᠡᠭᠵᠢᠭᠦᠯᠵᠦ᠂ ᠣᠳᠣᠬᠠᠨ ᠳᠤ ᠨᠡᠶᠢᠲᠡ 5000 ᠭᠠᠷᠤᠢ ᠲᠦᠮᠡᠨ ᠲᠡᠷᠭᠡᠨ ᠤ ᠡᠵᠡᠨ ᠳᠤ ᠡᠯᠧᠺᠲᠷᠣᠨ ᠠᠶᠠᠯᠠᠯ ᠤᠨ ᠦᠨᠡᠮᠯᠡᠯ ᠬᠢᠨᠠᠨ ᠣᠯᠭᠤᠵᠤ᠂ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃      ᠡᠯᠧᠺᠲᠷᠣᠨ ᠵᠠᠮᠨᠠᠬᠤ ᠦᠨᠡᠮᠯᠡᠯ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠲᠣᠭᠠᠴᠢᠯᠠᠯᠳᠠ ᠪᠠᠷ ᠡᠨᠧᠷᠭᠢ ᠣᠯᠭᠤᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠲᠡᠷᠭᠡᠨ ᠡᠵᠡᠨ ᠳᠤ ᠰᠦᠯᠵᠢᠶᠡᠨ ᠳᠡᠭᠡᠷ᠎ᠡ ︽ᠦᠨᠡᠮᠯᠡᠯ ᠢᠶᠠᠨ ᠦᠵᠡᠭᠦᠯᠭᠦ︾ ︽ᠺᠣᠳ᠋ ᠢᠶᠠᠨ ᠦᠵᠡᠭᠦᠯᠭᠦ︾ ᠦᠢᠯᠡᠴᠢᠯᠡᠭᠡ ᠬᠠᠩᠭᠠᠪᠠ᠃ ᠡᠯᠧᠺᠲᠷᠣᠨ ᠵᠠᠮᠨᠠᠬᠤ ᠦᠨᠡᠮᠯᠡᠯ ᠤᠨ ᠬᠡᠪ ᠶᠠᠩᠵᠤ ᠶᠢ ᠪᠦᠭᠦ ᠤᠯᠤᠰ ᠲᠤ ᠨᠢᠭᠡᠳᠦᠯᠲᠡᠢ ᠪᠠᠶᠢᠯᠭᠠᠵᠤ᠂ ᠣᠯᠠᠨ ᠲᠦᠮᠡᠨ ᠲᠡᠷᠭᠡ ᠬᠥᠰᠬᠡ ᠳᠠᠩᠰᠠᠯᠠᠬᠤ᠂ ᠬᠠᠤᠯᠢ ᠠᠴᠠ ᠵᠥᠷᠢᠴᠡᠭᠰᠡᠨ ᠢᠶᠠᠨ ᠰᠢᠢᠳᠪᠦᠷᠢᠯᠡᠬᠦ᠂ ᠠᠳᠡᠯ ᠢ ᠰᠢᠢᠳᠪᠦᠷᠢᠯᠡᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ ᠭᠠᠷᠭᠠᠨ ᠦᠵᠡᠭᠦᠯᠵᠦ ᠬᠡᠷᠡᠭᠯᠡᠵᠦ ᠪᠣᠯᠣᠨ᠎ᠠ᠂ ᠮᠠᠰᠢᠨ ᠲᠡᠷᠭᠡᠨ ᠤ ᠥᠮᠴᠢᠯᠡᠭᠴᠢ ᠲᠤᠰ ᠦᠨᠡᠮᠯᠡᠯ ᠢᠶᠠᠨ ᠪᠤᠰᠤᠳ ᠬᠥᠮᠥᠨ ᠳᠤ ᠡᠷᠬᠡ ᠣᠯᠭᠤᠨ ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠥᠨ ᠳᠤ ᠨᠠᠶᠢᠳᠠᠵᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠯᠭᠡᠬᠦ ᠳᠤ ᠲᠥᠭᠦᠮ ᠦᠵᠡᠭᠦᠯᠦᠨ᠎ᠡ᠃ ᠡᠭᠦᠨ ᠤ ᠬᠠᠮᠲᠤ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠭᠡᠷᠡᠴᠢ ᠦᠨᠡᠮᠯᠡᠯ᠂ ᠳᠠᠭᠠᠳᠬᠠᠯ ᠤᠨ ᠲᠥᠯᠥᠪᠦᠷᠢ ᠵᠡᠷᠭᠡ ᠬᠡᠷᠡᠭᠯᠡᠭᠡᠨ ᠤ ᠪᠠᠶᠢᠳᠠᠯ ᠢ ᠥᠷᠭᠡᠳᠬᠡᠨ ᠭᠦᠢᠴᠡᠳᠬᠡᠵᠦ ᠪᠣᠯᠣᠨ᠎ᠠ᠃ ᠡᠯᠧᠺᠲᠷᠣᠨ ᠵᠠᠮᠨᠠᠬᠤ ᠦᠨᠡᠮᠯᠡᠯ ᠨᠢ ᠪᠦᠭᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠰᠢᠰᠲ᠋ᠧᠮ ᠢᠶᠠᠷ ᠳᠡᠮᠵᠢᠨ ᠪᠤᠶ ᠪᠣᠯᠵᠤ᠂ ᠮᠠᠰᠢᠨ ᠲᠡᠷᠭᠡ ᠶᠢ ᠪᠠᠶᠢᠴᠠᠭᠠᠨ ᠰᠢᠯᠭᠠᠬᠤ᠂ ᠪᠠᠷᠢᠴᠠᠭᠠᠯᠠᠬᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠠᠶᠢᠳᠠᠯ ᠢ ᠬᠥᠳᠡᠯᠦᠩᠭᠦᠢ ᠪᠠᠷ ᠢᠯᠡᠷᠡᠭᠦᠯᠵᠦ᠂ ᠴᠠᠭ ᠲᠤᠬᠠᠢ ᠳᠤᠨᠢ ᠪᠠᠶᠢᠴᠠᠭᠠᠨ ᠯᠠᠪᠯᠠᠬᠤ᠂ ᠴᠠᠭ ᠲᠤᠬᠠᠢ ᠳᠤᠨᠢ ᠭᠠᠷᠭᠠᠨ ᠦᠵᠡᠭᠦᠯᠭᠦ᠂ ᠴᠠᠭ ᠲᠤᠬᠠᠢ ᠳᠤᠨᠢ ᠬᠢᠨᠠᠨ ᠰᠢᠯᠭᠠᠬᠤ ᠳᠤ ᠲᠥᠭᠦᠮ ᠦᠵᠡᠭᠦᠯᠵᠦ᠂ ᠲᠡᠷᠭᠡ ᠬᠥᠰᠬᠡ ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ ᠲᠥᠭᠦᠮ ᠦᠵᠡᠭᠦᠯᠦᠨ᠎ᠡ᠃      ᠣᠶᠢᠯᠠᠭᠠᠭᠰᠠᠨ ᠢᠶᠠᠷ᠂ ᠡᠨᠡ ᠵᠢᠯ ᠤᠨ 7 ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠠᠴᠠ ᠨᠠᠭᠠᠰᠢ ᠨᠢᠭᠡᠨᠲᠡ 1 ᠳ᠋ᠦᠩᠰᠢᠭᠤᠷ ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠭᠡᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠳᠠᠷᠤᠭᠠᠰᠤ ᠶᠢ 30 ᠳ᠋ᠦᠩᠰᠢᠭᠤᠷ ᠭᠠᠷᠤᠢ ᠲᠥᠭᠦᠷᠢᠭ ᠬᠥᠩᠭᠡᠷᠡᠭᠦᠯᠵᠡᠢ᠃ 30 ᠭᠠᠷᠤᠢ ᠲᠦᠮᠡᠨ ᠮᠣᠲ᠋ᠣᠷ ᠲᠡᠷᠭᠡᠨ ᠤ ᠡᠵᠡᠨ ᠪᠡᠶ᠎ᠡ ᠶᠢᠨ ᠦᠨᠡᠮᠯᠡᠯ ᠢᠶᠠᠷ ᠢᠶᠠᠨ ᠮᠤᠵᠢ ᠠᠯᠤᠰᠯᠠᠨ ᠣᠨᠳᠣᠣ ᠭᠠᠵᠠᠷ ᠲᠤ ᠮᠣᠲ᠋ᠣᠷ ᠲᠡᠷᠭᠡ ᠪᠠᠨ ᠳᠠᠩᠰᠠᠯᠠᠭᠤᠯᠵᠤ ᠪᠦᠷᠢᠳᠬᠡᠭᠦᠯᠬᠦ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠲᠦᠷ ᠰᠠᠭᠤᠬᠤ ᠭᠠᠵᠠᠷ ᠤᠨ ᠣᠷᠣᠰᠢᠨ ᠰᠠᠭᠤᠬᠤ ᠭᠡᠷᠡᠴᠢ ᠲᠤᠰᠢᠶᠠᠬᠤ ᠠᠴᠠ ᠬᠡᠯᠲᠦᠷᠢᠭᠦᠯᠪᠡ᠃ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠵᠠᠮ ᠬᠠᠷᠢᠯᠴᠠᠭᠠᠨ ᠤ ᠬᠠᠮᠢᠶᠠᠷᠤᠯᠲᠠ 12123︾ App ᠪᠠᠷ ᠳᠠᠮᠵᠢᠭᠤᠯᠤᠨ᠂ 350 ᠭᠠᠷᠤᠢ ᠲᠦᠮᠡᠨ ᠲᠡᠷᠭᠡᠨ ᠤ ᠡᠵᠡᠨ ᠳᠤ ᠮᠠᠰᠢᠨ ᠲᠡᠷᠭᠡ ᠶᠢ ᠬᠦᠴᠦᠨ ᠦᠭᠡᠢ ᠪᠤᠯᠭᠠᠬᠤ ᠭᠡᠷᠡᠴᠢᠯᠡᠯ ᠤᠨ ᠡᠯᠧᠺᠲᠷᠣᠨ ᠬᠡᠪᠯᠡᠯ ᠣᠯᠭᠤᠵᠤ᠂ ᠣᠯᠠᠨ ᠲᠦᠮᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢ ᠰᠦᠯᠵᠢᠶᠡᠨ ᠳᠡᠭᠡᠷ᠎ᠡ ᠭᠤᠶᠤᠴᠢᠯᠠᠨ ᠠᠪᠬᠤ ᠳᠤ ᠳᠥᠭᠦᠮ ᠦᠵᠡᠭᠦᠯᠪᠡ᠃ ᠪᠡᠭᠡᠵᠢᠩ ᠵᠡᠷᠭᠡ ᠬᠤᠲᠠ 6.3 ᠲᠦᠮᠡ ᠭᠠᠷᠤᠢ ᠵᠠᠮ ᠤᠨ ᠠᠭᠤᠯᠵᠠᠷ ᠲᠤ ᠮᠠᠰᠢᠨᠲᠤ ᠪᠤᠰᠤ ᠲᠡᠷᠭᠡ ᠵᠡᠭᠦᠨᠰᠢ ᠨᠢᠭᠡᠯᠡ ᠤᠳᠠᠭ᠎ᠠ ᠡᠷᠭᠢᠵᠦ ᠵᠡᠭᠡᠯᠢ ᠭᠡᠲᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠢᠶᠠᠩᠰᠤ ᠵᠡᠷᠭᠡ ᠮᠤᠵᠢ ᠬᠤᠲᠠ ᠶᠢᠨ 1.1 ᠲᠦᠮᠡᠨ ᠵᠠᠮ ᠤᠨ ᠠᠭᠤᠯᠵᠠᠷ ᠲᠤ ᠤᠳᠠᠭᠠᠨ ᠠᠶᠠᠯᠠᠬᠤ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠵᠢᠷᠤᠭ ᠲᠥᠯᠥᠪᠯᠡᠭᠡ ᠶᠢ ᠬᠡᠷᠡᠭᠵᠢᠭᠦᠯᠵᠦ᠂ ᠬᠤᠲᠠ ᠶᠢᠨ ᠵᠠᠮ ᠤᠨ ᠠᠭᠤᠯᠵᠠᠷ ᠲᠤ ᠮᠠᠰᠢᠨᠲᠤ ᠪᠤᠰᠤ ᠲᠡᠷᠭᠡ ᠶᠢᠨ ᠵᠡᠭᠡᠯᠢ ᠭᠡᠲᠦᠯᠬᠦ ᠳᠥᠭᠦᠮ ᠳᠥᠲᠡ ᠴᠢᠨᠠᠷ᠂ ᠲᠠᠭᠠᠯᠠᠮᠵᠢᠲᠠᠢ ᠴᠢᠨᠠᠷ ᠪᠠ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠪᠡ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 3 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ