ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠡᠷᠴᠢ ᠵᠣᠷᠢᠭ ᠢᠶᠠᠨ ᠬᠥᠪᠴᠢᠯᠡᠨ ᠡᠷᠡᠮᠡᠬᠡᠶᠢᠯᠡᠨ ᠤᠷᠤᠭᠰᠢᠯᠠᠵᠤ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠪᠧᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/11/7
      ᠰᠢᠨᠬᠤᠸᠠ ᠬᠤᠷᠢᠶ᠎ᠠ ᠶᠢᠨ ᠦᠬᠠᠨ ᠤ 11 ᠰᠠᠷ᠎ᠠ ᠶᠢᠨ 6 ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠤᠪᠧᠢ ᠳᠤ ᠰᠢᠨᠵᠢᠯᠡᠨ ᠪᠠᠶᠢᠴᠠᠭᠠᠬᠤ ᠳᠠᠭᠠᠨ᠂ ᠬᠤᠪᠧᠢ ᠮᠤᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤᠮᠳᠠᠬᠢ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠡᠷᠡᠮᠡᠬᠡᠶᠢᠯᠡᠨ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠳᠤᠮᠳᠠ ᠲᠡᠷᠢᠭᠦᠨ ᠤ ᠬᠢ ᠪᠤᠯᠬᠤ ᠪᠠᠷ ᠭᠠᠪᠰᠢᠭᠠᠶᠢᠯᠠᠨ ᠲᠡᠮᠡᠴᠡᠵᠦ᠂ ᠳᠤᠮᠳᠠ ᠣᠷᠣᠨ ᠤ ᠬᠥᠭᠵᠢᠨ ᠮᠠᠨᠳᠤᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠲᠤᠯᠬᠤ ᠴᠡᠭ ᠢ ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠪᠧᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
TT110701.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 4 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ ᠬᠦᠷᠴᠦ ᠴᠢᠨ ᠬᠠᠨ ᠤ ᠬᠤᠯᠤᠰᠤᠨ ᠴᠤᠭᠤᠳᠠᠰᠤ ᠶᠢᠨ ᠦᠵᠡᠭᠦᠯᠭᠡ ᠶᠢ ᠲᠣᠭᠤᠷᠢᠨ ᠦᠵᠡᠵᠦ ᠪᠠᠶᠢᠭ᠎ᠠ ᠨᠢ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ      11 ᠰᠠᠷ᠎ᠠ ᠶᠢᠨ 4 ᠠᠴᠠ 6 ᠤ ᠡᠳᠦᠷ ᠪᠤᠯᠲᠠᠯ᠎ᠠ᠂ ᠰᠢ ᠶᠢᠨ ᠫᠢᠩ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠮᠧᠩ ᠬᠤᠢ ᠪᠣᠯᠣᠨ ᠮᠤᠵᠢ ᠶᠢᠨ ᠳᠠᠷᠤᠭ᠎ᠠ ᠸᠠᠩ ᠵᠦᠩ ᠯᠢᠨ ᠤ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ ᠰᠢᠶᠣᠣ ᠭᠠᠨ᠂ ᠰᠢᠶᠠᠨᠨᠢᠩ᠂ ᠦᠬᠠᠨ ᠳᠤ ᠬᠦᠷᠴᠦ᠂ ᠮᠦᠽᠧᠢ᠂ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠠᠵᠤ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢᠶᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃      4 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ ᠬᠦᠷᠴᠦ ᠴᠢᠨ ᠬᠠᠨ ᠤ ᠬᠤᠯᠤᠰᠤᠨ ᠴᠤᠭᠤᠳᠠᠰᠤ ᠶᠢᠨ ᠦᠵᠡᠭᠦᠯᠭᠡ ᠶᠢ ᠲᠣᠭᠤᠷᠢᠨ ᠦᠵᠡᠪᠡ᠃ ᠦᠵᠡᠭᠦᠯᠭᠡ ᠳᠤ ᠦᠵᠡᠭᠦᠯᠦᠭᠰᠡᠨ ᠴᠢᠨ ᠤ ᠠᠷᠪᠠᠨ ᠨᠠᠢᠮᠠᠨ ᠲᠣᠭᠲᠠᠭᠠᠯ ᠨᠢ ᠠᠯᠢ ᠡᠷᠲᠡ 2200 ᠭᠠᠷᠤᠢ ᠵᠢᠯ ᠤᠨ ᠡᠮᠦᠨ᠎ᠡ᠂ ᠮᠠᠨ ᠤ ᠤᠯᠤᠰ ᠤᠨ ᠡᠷᠲᠡᠨ ᠤ ᠬᠠᠤᠯᠢ ᠴᠠᠭᠠᠵᠠ ᠶᠢᠨ ᠳᠦᠷᠢᠮ ᠨᠢᠭᠡᠨᠲᠡ ᠰᠢᠰᠲ᠋ᠧᠮᠵᠢᠭᠰᠡᠨ ᠢ ᠬᠠᠷᠠᠭᠤᠯᠵᠤ ᠪᠠᠶᠢᠨ᠎ᠠ᠃ ᠰᠢ ᠶᠢᠨ ᠫᠢᠩ ᠬᠤᠯᠤᠰᠤᠨ ᠴᠤᠭᠤᠳᠠᠰᠤ ᠶᠢᠨ ᠠᠭᠤᠯᠭ᠎ᠠ᠂ ᠲᠡᠦᠬᠡ ᠰᠣᠶᠣᠯ ᠤᠨ ᠦᠨ᠎ᠡ ᠦᠷᠳᠡᠭ ᠪᠣᠯᠣᠨ ᠬᠠᠮᠠᠭᠠᠯᠠᠯᠲᠠ ᠶᠢᠨ ᠰᠤᠳᠤᠯᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠠᠭᠤᠴᠢ ᠰᠤᠳᠤᠯᠤᠯ ᠤᠨ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ᠂ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠶᠢ ᠡᠭᠦᠷᠢᠳᠡ ᠦᠯᠡᠳᠡᠭᠡᠵᠦ᠂ ᠦᠷ᠎ᠡ ᠬᠤᠶᠢᠴᠢᠰ ᠲᠠᠭᠠᠨ ᠠᠰᠢᠭ ᠬᠦᠷᠲᠡᠭᠡᠵᠦ᠂ ᠬᠥᠮᠥᠰ ᠢ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠣᠯᠣᠨ ᠢᠲᠡᠭᠡᠯ ᠵᠣᠷᠢᠭ ᠢᠶᠠᠨ ᠲᠠᠰᠤᠷᠠᠯᠳᠠ ᠦᠭᠡᠢ ᠴᠢᠩᠭᠠᠳᠬᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
TT110702.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 4 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠠᠨ ᠶᠠᠨ  ᠰᠡᠭᠦᠳᠡᠷᠯᠡᠪᠡ      5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠳᠤ ᠬᠦᠷᠴᠦ᠂ ᠡᠩ ᠲᠡᠷᠢᠭᠦᠨ ᠳᠤ ᠫᠠᠨ ᠵᠢᠶᠠ ᠸᠠᠨ ᠪᠠᠯᠭᠠᠰᠤᠨ ᠤ ᠠᠷᠪᠠᠨ ᠭᠠᠵᠠᠷ ᠤᠨ ᠢᠳᠡᠰᠢᠨ ᠨᠣᠭᠤᠭ᠎ᠠ ᠶᠢᠨ ᠬᠤᠩᠭᠢᠯ ᠢᠶᠠᠷ ᠰᠢᠨᠵᠢᠯᠡᠨ ᠪᠠᠶᠢᠴᠠᠭᠠᠪᠠ᠃ ᠨᠠᠮᠤᠷ ᠤᠨ ᠰᠡᠭᠦᠯᠴᠢ ᠪᠣᠯᠤᠭᠰᠠᠨ ᠴᠤ᠂ ᠠᠳᠡ ᠨᠣᠮᠢᠨ ᠨᠣᠭᠤᠭᠠᠨ ᠥᠩᠭᠡ ᠦᠵᠡᠮᠵᠢ ᠢᠯᠭᠠᠷᠠᠨ᠂ ᠠᠮᠢᠳᠤᠷᠠᠯ ᠤᠨ ᠬᠦᠴᠦᠨ ᠪᠢᠯᠬᠠᠮ᠎ᠠ ᠪᠠᠶᠢᠯ᠎ᠠ᠃ ᠰᠢ ᠶᠢᠨ ᠫᠢᠩ ᠲᠠᠷᠢᠶᠠᠨ ᠭᠠᠵᠠᠷ ᠲᠤ ᠬᠦᠷᠴᠦ᠂ ᠢᠳᠡᠰᠢᠨ ᠨᠣᠭᠤᠭ᠎ᠠ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠢᠳᠡᠰᠢᠨ ᠨᠣᠭᠤᠭ᠎ᠠ ᠶᠢᠨ ᠲᠦᠷᠦᠯ ᠵᠦᠢᠯ᠂ ᠲᠠᠷᠢᠮᠠᠯ ᠤᠨ ᠮᠡᠷᠭᠡᠵᠢᠯ᠂ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠥᠳᠡᠭᠡ ᠲᠣᠰᠬᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠬᠥᠳᠡᠭᠡ ᠠᠵᠤ ᠠᠬᠤᠢ ᠶᠢᠨ ᠲᠠᠯ᠎ᠠ ᠪᠠᠷ ᠶᠡᠭᠡ ᠶᠢ ᠪᠦᠲᠦᠭᠡᠵᠦ ᠪᠣᠯᠣᠨ᠎ᠠ᠃ ᠤᠳᠤ ᠦᠶ᠎ᠡ ᠶᠢᠨ ᠬᠥᠳᠡᠭᠡ ᠠᠵᠤ ᠠᠬᠤᠢ ᠶᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠳᠤ ᠲᠦᠰᠢᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠳᠤ ᠳᠡᠭᠦᠯᠢᠨ ᠨᠢᠰᠬᠦ ᠵᠢᠭᠦᠷ ᠤᠷᠭᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠮ᠂ ᠶᠠᠰᠤ ᠴᠢᠨᠠᠷ ᠤᠨ ᠵᠠᠮ᠂ ᠲᠦᠷᠦᠯ ᠲᠡᠮᠳᠡᠭ ᠤᠨ ᠵᠠᠮ ᠢᠶᠠᠷ ᠵᠠᠮᠨᠠᠵᠤ᠂ ᠢᠳᠡᠰᠢᠨ ᠨᠣᠭᠤᠭ᠎ᠠ ᠲᠠᠷᠢᠬᠤ ᠡᠨᠡ ᠬᠦ ᠠᠷᠠᠳ ᠢ ᠪᠠᠶᠠᠵᠢᠭᠤᠯᠬᠤ ᠠᠵᠤ ᠦᠢᠯᠡᠰ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠩ ᠠᠷᠪᠢᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃
TT110703.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠠᠷᠪᠠᠨ ᠭᠠᠵᠠᠷ ᠤᠨ ᠢᠳᠡᠰᠢᠨ ᠨᠣᠭᠤᠭ᠎ᠠ ᠶᠢᠨ ᠬᠤᠩᠭᠢᠯ ᠳᠤ ᠰᠢᠨᠵᠢᠯᠡᠨ ᠪᠠᠶᠢᠴᠠᠭᠠᠬᠤ ᠳᠠᠭᠠᠨ ᠂ ᠲᠠᠷᠢᠶᠠᠨ ᠭᠠᠵᠠᠷ ᠲᠤ ᠬᠦᠷᠴᠦ᠂ ᠢᠳᠡᠰᠢᠨ ᠨᠣᠭᠤᠭ᠎ᠠ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ      ᠳᠠᠷᠠᠭ᠎ᠠ ᠨᠢ᠂ ᠰᠢ ᠶᠢᠨ ᠫᠢᠩ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠳᠤ ᠬᠦᠷᠴᠦ᠂ ᠤᠷᠢᠳ ᠬᠤᠵᠢᠳ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠯᠠᠭ᠎ᠠ ᠥᠷᠲᠡᠭᠡ᠂ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠪᠣᠯᠣᠨ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠨ ᠦᠵᠡᠵᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠪᠣᠯᠣᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠪᠠᠶᠢᠬᠤ ᠵᠡᠷᠭᠡ ᠠᠵᠢᠯ ᠢ ᠣᠶᠢᠯᠠᠭᠠᠪᠠ᠃ ᠲᠡᠷᠡ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ︽ ᠥᠲᠡᠭᠦᠰ ᠨᠢᠯᠬᠠᠰ︾ ᠡᠨᠡ ᠬᠦ ᠭᠤᠣᠯᠳᠠᠯᠭ᠎ᠠ ᠶᠢ ᠠᠳᠬᠤᠵᠤ᠂ ᠨᠡᠩ ᠣᠨᠣᠴᠠᠲᠠᠢ ᠪᠦᠲᠦᠮᠵᠢᠲᠡᠢ ᠪᠠᠷ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠵᠣᠷᠢᠭᠤᠯᠵᠤ ᠦᠢᠯᠡᠴᠢᠯᠡᠵᠦ ᠳᠡᠶᠢᠯᠭᠦ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
TT110704.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ  ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠳᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠯᠠᠭ᠎ᠠ ᠥᠷᠲᠡᠭᠡ ᠶᠢᠨ ᠬᠤᠭᠤᠯᠠᠨ ᠭᠡᠷ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ      ᠲᠣᠰᠬᠤᠨ ᠤ ᠠᠷᠠᠳ ᠰᠢᠶᠦ᠋ᠩ ᠴᠧᠩ ᠯᠦᠩ ᠤᠨ ᠭᠡᠷ ᠲᠤ᠂ ᠰᠢ ᠶᠢᠨ ᠫᠢᠩ ᠭᠡᠷ ᠤᠨ ᠠᠮᠢᠳᠤᠷᠠᠯ ᠤᠨ ᠪᠠᠶᠢᠳᠠᠯ ᠢ ᠨᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠭᠡᠷ ᠤᠨ ᠬᠥᠮᠥᠰ ᠲᠠᠢ ᠨᠢ ᠬᠠᠮᠲᠤ ᠰᠠᠭᠤᠵᠤ᠂ ᠦᠢᠯᠡᠳᠪᠦᠷᠢᠯᠡᠯ᠂ ᠦᠷ᠎ᠡ ᠬᠡᠦᠬᠡᠳ ᠤᠨ ᠬᠢᠨᠢ ᠠᠵᠢᠯ ᠣᠯᠵᠤ ᠦᠢᠯᠡᠰ ᠪᠣᠰᠬᠠᠬᠤ᠂ ᠭᠡᠷ ᠪᠦᠯᠢ ᠶᠢᠨ ᠣᠷᠣᠯᠭ᠎ᠠ᠂ ᠨᠠᠰᠤᠵᠢᠯ ᠤᠨ ᠠᠰᠠᠷᠠᠮᠵᠢ ᠡᠮᠴᠢᠯᠡᠭᠡ ᠵᠡᠷᠭᠡ ᠪᠠᠶᠢᠳᠠᠯ ᠢ ᠨᠢ ᠣᠶᠢᠯᠠᠭᠠᠪᠠ᠃ ᠡᠳᠡᠭᠡᠷ ᠵᠢᠯ ᠤᠳ ᠲᠤ ᠬᠤᠲᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠲᠠᠷᠢᠶᠠᠴᠢᠳ ᠤᠨ ᠪᠣᠳᠠᠰ ᠤᠨ ᠪᠠ ᠰᠣᠶᠣᠯ ᠤᠨ ᠠᠮᠢᠳᠤᠷᠠᠯ ᠤᠯᠠᠮ ᠠᠴᠠ ᠤᠯᠠᠮ ᠪᠠᠲᠤᠯᠠᠭ᠎ᠠ ᠲᠠᠢ ᠪᠣᠯᠤᠭᠰᠠᠨ ᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠪᠦᠭᠦ ᠭᠡᠷ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠦᠢᠯᠡᠳᠪᠦᠷᠢᠯᠡᠯ᠂ ᠠᠮᠢᠳᠤᠷᠠᠯ ᠢᠶᠠᠨ ᠨᠡᠩ ᠥᠭᠡᠳᠡ ᠪᠤᠯᠭᠠᠵᠤ᠂ ᠦᠷ᠎ᠡ ᠬᠡᠦᠬᠡᠳ ᠢᠶᠠᠨ ᠰᠠᠶᠢᠲᠤᠷ ᠬᠥᠮᠥᠵᠢᠭᠦᠯᠵᠦ᠂ ᠰᠠᠶᠢᠨ ᠠᠮᠢᠳᠤᠷᠠᠯ ᠢᠶᠠᠨ ᠶᠠᠪᠤᠬᠤ ᠲᠤᠳᠤᠮ ᠥᠭᠡᠳᠡᠯᠡᠭᠦᠯᠬᠦ ᠶᠢ ᠬᠦᠰᠡᠪᠡ᠃
TT110705.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ  ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠤ ᠠᠷᠠᠳ ᠰᠢᠶᠦ᠋ᠩ ᠴᠧᠩ ᠯᠦᠩ ᠤᠨ ᠭᠡᠷ ᠲᠤ᠂ ᠭᠡᠷ ᠤᠨ ᠬᠥᠮᠥᠰ ᠲᠠᠢ ᠨᠢ ᠬᠠᠮᠲᠤ ᠰᠠᠭᠤᠵᠤ ᠵᠣᠭᠤᠭᠳᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠠᠨ ᠶᠠᠨ  ᠰᠡᠭᠦᠳᠡᠷᠯᠡᠪᠡ      ᠲᠣᠰᠬᠤᠨ ᠠᠴᠠ ᠰᠠᠯᠬᠤ ᠦᠶ᠎ᠡ ᠳᠤ᠂ ᠲᠣᠰᠬᠤᠨ ᠤ ᠠᠷᠠᠳ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠂ ᠡᠩ ᠲᠡᠷᠢᠭᠦᠨ ᠳᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠨᠤᠲᠤᠭ ᠤᠨ ᠠᠬ᠎ᠠ ᠳᠡᠭᠦᠦ ᠨᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠥᠪᠡᠷ ᠤᠨ ᠠᠵᠢᠯᠴᠢ ᠭᠦᠳᠡᠯᠮᠦᠷᠢᠴᠢ ᠬᠤᠶᠠᠷ ᠭᠠᠷ ᠢᠶᠠᠷ ᠢᠶᠠᠨ ᠣᠨᠴᠠᠯᠢᠭᠲᠤ ᠠᠵᠤ ᠦᠢᠯᠡᠰ ᠢ ᠨᠡᠩ ᠦᠷ᠎ᠡ ᠠᠰᠢᠭ ᠲᠠᠢ ᠪᠤᠯᠭᠠᠵᠤ᠂ ᠬᠥᠳᠡᠭᠡ ᠲᠣᠰᠬᠤᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃
TT110706.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ᠂ ᠲᠤᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ      5 ᠤ ᠦᠳᠡ ᠶᠢᠨ ᠬᠤᠶᠢᠨ᠎ᠠ᠂ ᠰᠢ ᠶᠢᠨ ᠫᠢᠩ ᠦᠬᠠᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠩᠭᠠᠯᠭ᠎ᠠ ᠶᠢᠨ ᠬᠡᠯᠬᠢᠶ᠎ᠡ ᠶᠢᠨ ᠲᠠᠪᠴᠠᠩ ᠤᠨ ᠠᠮᠵᠢᠯᠲᠠ ᠲᠠᠢ ᠬᠡᠷᠡᠭ ᠤᠨ ᠵᠢᠱᠢᠶ᠎ᠡ ᠶᠢᠨ ᠦᠵᠡᠭᠦᠯᠭᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠦᠵᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠠᠷᠭ᠎ᠠ ᠬᠡᠮᠵᠢᠶ᠎ᠡ ᠶᠢ ᠣᠶᠢᠯᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠨ ᠰᠣᠯᠢᠯᠴᠠᠪᠠ᠃ ᠲᠡᠷᠡ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠯ ᠳᠤ ᠨᠠᠩ ᠲᠤᠯᠭᠠᠮ ᠬᠡᠷᠡᠭᠴᠡᠭᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠣᠯᠣᠨ ᠠᠵᠤ ᠠᠬᠤᠶᠢᠯᠠᠯᠲᠠᠨ ᠢᠲᠡᠭᠡᠯ ᠵᠣᠷᠢᠭ ᠢᠶᠠᠨ ᠴᠢᠩᠭᠠᠳᠬᠠᠵᠤ᠂ ᠠᠯᠤᠰ ᠭᠡᠲᠦ ᠶᠢᠨ ᠵᠣᠷᠢᠯᠲᠠ ᠲᠠᠢ ᠪᠠᠶᠢᠵᠤ᠂ ᠬᠠᠮᠵᠢᠯᠴᠠᠨ ᠬᠦᠴᠦᠯᠡᠵᠦ᠂ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤᠮᠳᠠ ᠲᠠᠰᠤᠷᠠᠯᠲᠠ ᠦᠭᠡᠢ ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃
TT110707.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠬᠤᠶᠢᠨ᠎ᠠ᠂ ᠰᠢ ᠶᠢᠨ ᠫᠢᠩ ᠦᠬᠠᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠵᠢᠤᠢ ᠫᠧᠩ  ᠰᠡᠭᠦᠳᠡᠷᠯᠡᠪᠡ      6 ᠤ ᠦᠳᠡ ᠶᠢᠨ ᠡᠮᠦᠨ᠎ᠡ᠂ ᠰᠢ ᠶᠢᠨ ᠫᠢᠩ ᠬᠤᠪᠧᠢ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠪᠧᠢ ᠶᠢᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃      ᠰᠢ ᠶᠢᠨ ᠫᠢᠩ᠂ ᠬᠤᠪᠧᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠤ ᠳᠠᠪᠠᠭᠤᠯᠢᠭ ᠤᠨ ᠲᠠᠯ᠎ᠠ ᠪᠠᠷ ᠲᠣᠪᠣᠶᠢᠮ᠎ᠠ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠨᠡᠯᠢᠶᠡᠳ ᠴᠢᠩᠭ᠎ᠠ ᠪᠠᠶᠢᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠵᠠᠮ ᠨᠡᠭᠡᠭᠡᠨ ᠤᠷᠤᠭᠰᠢᠯᠠᠬᠤ ᠬᠡᠷᠡᠭᠲᠡᠢ᠃ ᠪᠦᠭᠦ ᠤᠯᠤᠰ ᠤᠨ ᠰᠢᠨ᠎ᠡ ᠶᠢ ᠡᠭᠦᠳᠬᠦ ᠬᠡᠯᠬᠢᠶ᠎ᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠦᠭᠦ ᠤᠯᠤᠰ ᠲᠤ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠶᠢᠨ ᠴᠢᠳᠠᠪᠬᠢ ᠶᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠰᠢᠨ᠎ᠡ ᠶᠢ ᠡᠭᠦᠳᠬᠦ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠯ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠲᠣᠮᠣ ᠳᠤᠮᠳᠠ ᠪᠠᠭ᠎ᠠ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠨᠡᠩ ᠤᠯᠠᠨ ᠠᠯᠳᠠᠷᠰᠢᠯ ᠲᠠᠢ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠠᠪᠤᠳᠠᠯ ᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠠᠶᠤᠯᠭᠦᠢ ᠪᠥᠭᠡᠳ ᠤᠶᠠᠨ ᠬᠠᠳᠠᠨ ᠴᠢᠨᠠᠷᠲᠠᠢ ᠤᠳᠤ ᠦᠶ᠎ᠡ ᠶᠢᠨ ᠤᠰᠤᠨ ᠲᠣᠣᠷ ᠢ ᠬᠦᠴᠦᠯᠡᠨ ᠪᠠᠶᠢᠭᠤᠯᠵᠤ᠂ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠬᠡᠮᠥ᠋ᠷᠡᠨ ᠤ ᠠᠷᠪᠠᠨ ᠵᠢᠯ ᠵᠢᠭᠠᠰᠤ ᠠᠩᠨᠠᠬᠤ ᠶᠢ ᠴᠠᠭᠠᠵᠠᠯᠠᠬᠤ ᠶᠢ ᠡᠷᠡᠰ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
TT110708.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠬᠤᠶᠢᠨ᠎ᠠ᠂ ᠰᠢ ᠶᠢᠨ ᠫᠢᠩ ᠦᠬᠠᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠬᠤ ᠳᠠᠭᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ      ᠰᠢ ᠶᠢᠨ ᠫᠢᠩ᠂ ᠬᠤᠪᠧᠢ ᠶᠢᠨ ᠬᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ ᠵᠣᠷᠢᠭᠲᠠᠢ ᠰᠦᠪᠡᠭᠴᠢᠯᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠠᠭᠤᠰᠤᠯᠴᠠᠵᠤ᠂ ᠨᠠᠩ ᠲᠥᠪ ᠭᠤᠤᠯᠴᠢ᠂ ᠨᠠᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ᠃ ︽ ᠬᠤᠶᠠᠷ ᠤᠬᠳᠤ ᠭᠤᠶᠢᠪᠢᠰᠢ ᠦᠭᠡᠢ ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢᠨ ᠥᠨᠳᠦᠷᠯᠢᠭ ᠢ ᠪᠠᠶᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠡᠮᠬᠢ ᠵᠢᠷᠤᠮ ᠲᠠᠢ ᠰᠢᠯᠢᠳᠡᠭᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡ ᠬᠢᠬᠦ ᠵᠠᠩᠭᠢᠯᠠᠭ᠎ᠠ ᠶᠢᠨ ᠴᠢᠳᠠᠪᠬᠢ ᠶᠢ ᠰᠢᠰᠲ᠋ᠧᠮ ᠲᠠᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
TT110709.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠠᠷᠪᠠᠨ ᠭᠠᠵᠠᠷ ᠤᠨ ᠢᠳᠡᠰᠢᠨ ᠨᠣᠭᠤᠭ᠎ᠠ ᠶᠢᠨ ᠬᠤᠩᠭᠢᠯ ᠳᠤ ᠰᠢᠨᠵᠢᠯᠡᠨ ᠪᠠᠶᠢᠴᠠᠭᠠᠬᠤ ᠳᠠᠭᠠᠨ ᠢᠳᠡᠰᠢᠨ ᠨᠣᠭᠤᠭ᠎ᠠ ᠲᠠᠷᠢᠳᠠᠭ ᠲᠠᠷᠢᠶᠠᠴᠢᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠠᠨ ᠶᠠᠨ  ᠰᠡᠭᠦᠳᠡᠷᠯᠡᠪᠡ      ᠰᠢ ᠶᠢᠨ ᠫᠢᠩ᠂ ᠬᠤᠪᠧᠢ ᠶᠢᠨ ᠬᠢᠨ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠦᠬᠠᠨ ᠤ ᠬᠤᠲᠠ ᠶᠢᠨ ᠴᠠᠭᠠᠷᠢᠭ ᠢᠶᠠᠷ ᠲᠥᠪ ᠪᠤᠯᠭᠠᠵᠤ᠂ ᠬᠥᠬᠡᠮᠥ᠋ᠷᠡᠨ ᠤ ᠳᠤᠮᠳᠠ ᠤᠷᠤᠰᠬᠠᠯ ᠤᠨ ᠬᠤᠲᠠ ᠶᠢᠨ ᠪᠦᠯᠦᠭᠵᠢᠯ ᠤᠨ ᠬᠤᠯᠪᠤᠭᠠᠯᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠤᠰ ᠲᠤᠰ ᠤᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ ᠠᠵᠤ ᠠᠬᠤᠢ ᠶᠢ ᠬᠥᠭᠵᠢᠭᠦᠯᠬᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠪᠣᠳᠠᠲᠠᠢ ᠠᠳᠬᠤᠬᠤ ᠬᠡᠷᠡᠭᠲᠡᠢ᠃ ᠣᠨᠴᠠᠯᠢᠭᠲᠤ ᠠᠵᠤ ᠦᠢᠯᠡᠰ ᠪᠠ ᠤᠯᠠᠨ ᠲᠦᠷᠦᠯ ᠤᠨ ᠡᠵᠡᠩᠨᠡᠯᠲᠡ ᠶᠢᠨ ᠲᠠᠯᠳᠠ ᠬᠦᠴᠦᠨ ᠢ ᠠᠭᠤᠳᠠᠯᠵᠤ᠂ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠬᠥᠭᠵᠢᠯ ᠮᠠᠨᠳᠤᠯ ᠢ ᠲᠦᠷᠭᠡᠳᠬᠡᠬᠦ ᠬᠡᠷᠡᠭᠲᠡᠢ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠲᠠ ᠬᠥᠳᠡᠭᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
TT1107010.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠠᠨ ᠶᠠᠨ  ᠰᠡᠭᠦᠳᠡᠷᠯᠡᠪᠡ      ᠰᠢ ᠶᠢᠨ ᠫᠢᠩ᠂ ᠬᠤᠪᠧᠢ ᠶᠢᠨ ᠲᠡᠦᠬᠡ ᠰᠣᠶᠣᠯ ᠤᠨ ᠲᠤᠨᠳᠠᠰᠤ ᠵᠤᠵᠠᠭᠠᠨ᠂ ᠬᠤᠪᠢᠰᠬᠠᠯ ᠤᠨ ᠡᠬᠢ ᠪᠠᠶᠠᠯᠢᠭ ᠡᠯᠪᠡᠭ ᠳᠡᠯᠪᠡᠭ ᠶᠤᠮ᠂ ᠰᠣᠶᠣᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠪᠠ ᠰᠣᠶᠣᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠲᠡᠦᠬᠡ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠰᠢᠰᠲ᠋ᠧᠮ ᠲᠠᠢ ᠠᠬᠢᠭᠤᠯᠵᠤ᠂ ᠬᠥᠬᠡᠮᠥ᠋ᠷᠡᠨ ᠤ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠰᠤᠳᠤᠯᠭᠠᠨ ᠪᠠ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠳ᠋ᠠ ᠪᠢᠶᠧ ᠱᠠᠨ ᠤ ᠵᠣᠷᠢᠭ ᠰᠠᠨᠠᠭ᠎ᠠ᠂ ᠦᠶᠡᠷ ᠲᠠᠢ ᠲᠡᠮᠡᠴᠡᠬᠦ ᠵᠣᠷᠢᠭ ᠰᠠᠨᠠᠭ᠎ᠠ᠂ ᠬᠢᠵᠢᠭ ᠲᠠᠢ ᠲᠡᠮᠡᠴᠡᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠬᠦ ᠬᠡᠷᠡᠭᠲᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠭᠡᠯᠪᠡᠷᠢ ᠶᠢ ᠢᠳᠡᠪᠬᠢᠲᠡᠢ ᠬᠥᠭᠵᠢᠭᠦᠯᠵᠦ᠂ ᠨᠠᠩ ᠣᠯᠠᠨ ᠰᠢᠯᠢᠳᠡᠭ ᠰᠣᠶᠣᠯ ᠤᠨ ᠦᠢᠯᠡᠳᠬᠦᠨ ᠪᠠ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠬᠦ ᠬᠡᠷᠡᠭᠲᠡᠢ᠃ ᠰᠣᠳᠣᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠪᠠ ᠵᠠᠮ ᠱᠤᠭᠤᠮ ᠢ ᠪᠤᠶ ᠪᠤᠯᠭᠠᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠣᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
TT1107011.jpg
       11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 4 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ ᠬᠦᠷᠴᠦ ᠴᠢᠨ ᠬᠠᠨ ᠤ ᠬᠤᠯᠤᠰᠤᠨ ᠴᠤᠭᠤᠳᠠᠰᠤ ᠶᠢᠨ ᠦᠵᠡᠭᠦᠯᠭᠡ ᠶᠢ ᠲᠣᠭᠤᠷᠢᠨ ᠦᠵᠡᠵᠦ ᠪᠠᠶᠢᠭ᠎ᠠ ᠨᠢ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠠᠨ ᠶᠠᠨ  ᠰᠡᠭᠦᠳᠡᠷᠯᠡᠪᠡ      ᠰᠢ ᠶᠢᠨ ᠫᠢᠩ᠂ ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠠᠵᠢᠯ ᠶᠠᠪᠤᠳᠠᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠪᠠᠳᠠᠷᠠᠭᠤᠯᠵᠤ᠂ ᠵᠣᠷᠢᠭᠲᠠᠢ ᠪᠠᠷ ᠵᠠᠮ ᠨᠡᠭᠡᠭᠡᠨ ᠰᠢᠨ᠎ᠡ ᠶᠢ ᠡᠭᠦᠳᠬᠦ ᠮᠥᠷᠲᠡᠭᠡᠨ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠵᠣᠷᠢᠭᠲᠠᠢ ᠲᠡᠮᠡᠴᠡᠵᠦ ᠵᠣᠷᠢᠭᠲᠠᠢ ᠤᠷᠤᠭᠰᠢᠯᠠᠬᠤ ᠪᠥᠭᠡᠳ ᠪᠦᠯᠬᠦᠮᠳᠡᠨ ᠬᠠᠮᠵᠢᠯᠴᠠᠬᠤ ᠳᠠᠭᠠᠨ ᠴᠢᠳᠠᠮᠠᠭᠠᠢ ᠪᠠᠶᠢᠵᠤ᠂ ᠲᠡᠦᠬᠡ᠂ ᠦᠢᠯᠡᠳᠦᠯᠭᠡ ᠪᠣᠯᠣᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ ᠴᠣᠭᠴᠠᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠤᠯᠭᠠᠬᠤ ᠶᠢ ᠠᠬᠢᠭᠤᠯᠵᠤ᠂ ᠴᠥᠬᠦᠷᠡᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
TT1107012.jpg
      11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ  ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠵᠢᠤᠢ ᠫᠧᠩ  ᠰᠡᠭᠦᠳᠡᠷᠯᠡᠪᠡ      ᠰᠢ ᠶᠢᠨ ᠫᠢᠩ᠂ ᠡᠨᠡ ᠵᠢᠯ ᠪᠠᠰᠠ ᠬᠤᠶᠠᠷ ᠰᠠᠷ᠎ᠠ ᠰᠢᠬᠠᠮ ᠤᠨ ᠴᠠᠭ ᠦᠯᠡᠳᠡᠵᠦ ᠪᠤᠢ᠂ ᠡᠯ᠎ᠡ ᠵᠦᠢᠯ ᠤᠨ ᠠᠵᠢᠯ ᠢᠯᠠᠩᠭᠤᠶ᠎ᠠ ᠠᠵᠤ ᠠᠬᠤᠢ ᠶᠢᠨ ᠠᠵᠢᠯ ᠢ ᠤᠯᠠᠮ ᠨᠢᠭᠡ ᠠᠯᠬᠤᠮ ᠴᠢᠩᠭ᠎ᠠ ᠠᠳᠬᠤᠵᠤ ᠪᠣᠳᠠᠲᠠᠢ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ