ᠭᠦᠭᠡᠬᠤᠲᠠ 13 ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠪᠠᠷ ᠪᠤᠶ
ᠨᠡᠶᠢᠲᠡᠯᠡᠭᠰᠡᠨ ᠴᠠᠭ᠄
2024/11/8
      ᠡᠨᠡ ᠵᠢᠯ ᠠᠴᠠ ᠨᠠᠭᠠᠰᠢ᠂ ᠭᠦᠭᠡᠬᠤᠲᠠ ᠲᠤᠤᠷᠵᠢᠬᠰᠠᠨ ᠬᠠᠮᠢᠶᠠᠷᠤᠯᠲᠠ ᠪᠠᠷ ᠭᠠᠷᠳᠠᠴᠠ ᠪᠤᠯᠭᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ᠵᠠᠰᠠᠯᠲᠠ ᠶᠢᠨ ᠨᠢᠭᠡᠴᠢ ᠶᠢ ᠪᠦᠭᠦ ᠲᠠᠯ᠎ᠠ ᠪᠠᠷ ᠰᠢᠯᠢᠳᠡᠭᠵᠢᠭᠦᠯᠵᠦ᠂ ᠬᠥᠮᠥᠨ ᠠᠮᠠ ᠤᠯᠠᠨ᠂ ᠡᠵᠡᠯᠡᠬᠦ ᠲᠠᠯᠠᠪᠠᠶ ᠨᠢ ᠭᠡᠲᠦ ᠶᠡᠭᠡ ᠵᠡᠭᠡᠯᠢ ᠭᠤᠳᠤᠮᠵᠢ ᠶᠢ ᠰᠠᠯᠭᠠᠨ ᠭᠠᠷᠭᠠᠵᠤ᠂ ᠤᠳᠤ ᠶᠢᠨ ᠪᠠᠶᠢᠭ᠎ᠠ 31 ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ᠢ 44 ᠪᠣᠯᠭᠠᠨ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃      ᠣᠳᠣᠬᠠᠨ ᠪᠤᠯᠲᠠᠯ᠎ᠠ᠂ ᠭᠦᠭᠡᠬᠤᠳᠠ ᠶᠢᠨ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠰᠥᠯ ᠨᠢᠭᠡᠨᠲᠡ ᠵᠥᠪᠰᠢᠶᠡᠷᠡᠭᠳᠡᠵᠦ᠂ ᠪᠦᠭᠦ ᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ 35 ᠪᠣᠯᠣᠨ ᠨᠡᠮᠡᠭᠳᠡᠪᠡ᠃ ᠬᠥᠮᠥᠨ ᠠᠮᠠ᠂ ᠡᠬᠢ ᠪᠠᠶᠠᠯᠢᠭ᠂ ᠦᠢᠯᠡᠴᠢᠯᠡᠭᠡ ᠶᠢ ᠬᠠᠷᠢᠯᠴᠠᠨ ᠲᠣᠬᠢᠷᠠᠭᠤᠯᠬᠤ ᠵᠠᠷᠴᠢᠮ ᠶᠣᠰᠣᠭᠠᠷ᠂ ︽ᠪᠦᠭᠦ ᠬᠤᠲᠠ ᠶᠢᠨ ᠨᠡᠶᠢᠭᠡᠮ ᠲᠣᠭᠤᠷᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠥᠰᠥᠯ︾ ᠢ ᠪᠦᠷᠢᠯᠳᠦᠭᠦᠯᠵᠦ᠂ 398 ᠨᠡᠶᠢᠭᠡᠮ ᠲᠣᠭᠤᠷᠢᠭ ᠪᠠᠶᠢᠭᠰᠠᠨ ᠠᠴᠠ ᠪᠠᠨ 450 ᠨᠡᠶᠢᠭᠡᠮ ᠲᠣᠭᠤᠷᠢᠭ ᠪᠣᠯᠭᠠᠨ ᠨᠡᠮᠡᠭᠳᠡᠭᠦᠯᠦᠭᠰᠡᠨ ᠪᠥᠭᠡᠳ ᠨᠠᠮ ᠤᠨ ᠵᠣᠬᠢᠶᠠᠨ ᠪᠠᠶᠢᠭᠤᠯᠤᠯᠲᠠ ᠶᠢ ᠳᠠᠭᠠᠭᠤᠯᠤᠨ ᠪᠠᠶᠢᠭᠤᠯᠪᠠ᠃ ᠤᠤᠯ ᠤᠨ 6608 ᠲᠣᠣᠷᠵᠢᠯ ᠢ ᠳᠠᠭᠢᠨ 5880 ᠪᠣᠯᠭᠠᠨ ᠬᠤᠪᠢᠶᠠᠵᠤ᠂ ᠬᠤᠲᠠ᠂ ᠬᠤᠰᠢᠭᠤ ︵ᠰᠢᠶᠠᠨ᠂ ᠲᠣᠭᠤᠷᠢᠭ︶᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠂ ᠲᠣᠣᠷᠵᠢᠯ᠂ ᠠᠰᠠᠷ ᠤᠨ 6 ᠱᠠᠲᠤ ᠬᠤᠯᠪᠤᠭᠠᠯᠠᠨ ᠬᠥᠳᠡᠯᠦᠯᠴᠡᠬᠦ ᠵᠠᠰᠠᠯᠲᠠ ᠶᠢᠨ ᠬᠡᠯᠬᠢᠶ᠎ᠡ ᠶᠢ ᠪᠦᠷᠢᠯᠳᠦᠭᠦᠯᠪᠡ᠃      ᠡᠭᠦᠨ ᠤ ᠬᠠᠮᠲᠤ᠂ ᠪᠦᠭᠦ ᠬᠤᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠪᠦᠭᠦ ᠬᠤᠲᠠ ᠶᠢᠨ ᠨᠢᠭᠡᠳᠦᠯᠲᠡᠢ ᠲᠣᠣᠷᠵᠢᠯ ᠤᠨ ᠵᠠᠰᠠᠯᠲᠠ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠤᠯᠤᠰ ᠲᠥᠷᠥ ᠬᠠᠤᠯᠢ ᠴᠠᠭᠠᠵᠠ᠂ ᠠᠷᠠᠳ ᠤᠨ ᠶᠠᠪᠤᠳᠠᠯ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠤᠰᠤ ᠴᠠᠭᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠵᠡᠷᠭᠡ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠷᠥᠯ ᠤᠨ ᠰᠠᠯᠠᠭ᠎ᠠ ᠮᠥᠴᠢᠷ ᠤᠨ ᠠᠵᠢᠯᠲᠠᠨ ᠢ ᠲᠣᠣᠷᠵᠢᠯ ᠳᠤ ᠣᠷᠣᠭᠤᠯᠵᠤ᠂ ᠲᠣᠣᠷᠵᠢᠯ ᠤᠨ ᠴᠢᠳᠠᠮᠵᠢ ᠶᠢ ᠨᠡᠶᠢᠳᠬᠡᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠠᠮᠢᠵᠢᠷᠠᠯ ᠤᠨ ᠬᠦᠴᠦᠨ︾ ᠢ ᠪᠠᠳᠠᠷᠠᠭᠤᠯᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ