ᠬᠥᠬᠡᠬᠤᠲᠠ 25 ᠳᠠᠬᠢ ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠲᠤᠰᠬᠠᠢ ᠲᠠᠯᠠᠪᠠᠢ ᠦᠳᠡᠰᠢᠯᠡᠭᠡ ᠬᠢᠪᠡ
ᠨᠡᠶᠢᠲᠡᠯᠡᠭᠰᠡᠨ ᠴᠠᠭ᠄
2024/11/8
 
110802.jpg
110803.jpg
       ︵ᠳᠠᠳᠤᠯᠭ᠎ᠠ ᠶᠢᠨ ᠰᠤᠷᠪᠤᠯᠵᠢᠯᠠᠭᠴᠢ ᠵᠢᠶᠠ ᠯᠦ  ᠵᠢᠶᠠ ᠰᠧ ᠮᠢᠨ  ᠢᠤᠢ ᠮᠧᠩ ᠶᠤᠸᠠᠨ︶ 11 ᠳ᠋ᠦ᠋ᠭᠡᠷ ᠰᠠᠷ᠎ᠠ ᠶᠢᠨ 7 ᠤ ᠣᠷᠣᠢ᠂ ᠬᠥᠬᠡᠬᠤᠲᠠ ᠶᠢᠨ 25 ᠳᠠᠬᠢ ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠲᠤᠰᠬᠠᠶ ᠲᠠᠯᠠᠪᠠᠢ ᠦᠳᠡᠰᠢᠯᠡᠭᠡ ᠬᠤᠲᠠ ᠶᠢᠨ ᠬᠠᠮ ᠵᠠᠭᠤᠴᠢᠯᠠᠭᠤᠷ ᠤᠨ ᠲᠥᠪ ᠲᠤ ᠶᠠᠪᠤᠭᠳᠠᠪᠠ᠃ ᠪᠦᠬᠦ ᠬᠤᠲᠠ ᠶᠢᠨ ᠰᠣᠨᠢᠨ ᠮᠡᠳᠡᠭᠡᠨ ᠤ ᠠᠵᠢᠯᠲᠠᠨ ᠤ ᠲᠥᠯᠥᠭᠡᠯᠡᠭᠴᠢᠳ ᠨᠢᠭᠡ ᠲᠢᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢᠶᠠᠨ ᠬᠠᠮᠲᠤ ᠪᠠᠷ ᠪᠡᠯᠭᠡᠯᠡᠪᠡ᠃      ᠦᠳᠡᠰᠢᠯᠡᠭᠡ ᠳᠤ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠰᠣᠨᠢᠨ ᠮᠡᠳᠡᠭᠡᠨ ᠤ ᠠᠵᠢᠯᠲᠠᠳ ᠤᠨ ᠠᠵᠢᠯ ᠢ ᠲᠡᠮᠳᠡᠭᠯᠡᠭᠰᠡᠨ ᠣᠬᠤᠷ ᠹᠢᠯᠢᠮ ᠨᠡᠪᠲᠡᠷᠡᠭᠦᠯᠪᠡ᠃ ᠡᠨᠡ ᠨᠢ ᠰᠣᠨᠢᠨ ᠮᠡᠳᠡᠭᠡᠨ ᠤ ᠠᠵᠢᠯᠲᠠᠳ ᠤᠨ ᠠᠪᠢᠶᠠᠰ ᠴᠢᠳᠠᠪᠤᠷᠢ ᠶᠢ ᠭᠠᠶᠢᠬᠠᠭᠤᠯᠤᠭᠰᠠᠨ ᠢᠶᠠᠷ ᠪᠠᠷᠠᠬᠤ ᠦᠭᠡᠢ ᠲᠡᠳᠡᠨ ᠤ ᠲᠤᠰᠬᠠᠶ ᠮᠡᠷᠭᠡᠵᠢᠯ᠂ ᠠᠵᠢᠯ ᠦᠢᠯᠡᠰ ᠢᠶᠠᠨ ᠳᠡᠭᠡᠳᠦᠯᠡᠳᠡᠭ ᠠᠭᠤᠤ ᠶᠡᠭᠡ ᠵᠣᠷᠢᠭ ᠰᠠᠨᠠᠭ᠎ᠠ ᠶᠢ ᠢᠯᠡᠷᠡᠭᠦᠯᠪᠡ᠃ ᠦᠳᠡᠰᠢᠯᠡᠭᠡ ᠨᠢ ᠪᠠᠰᠠ ᠥᠩᠭᠡᠷᠡᠭᠰᠡᠨ ᠨᠢᠭᠡ ᠵᠢᠯ ᠳᠤ ᠲᠤᠪᠤᠶᠢᠮ᠎ᠠ ᠢᠯᠡᠷᠡᠯ ᠲᠠᠢ ᠰᠣᠨᠢᠨ ᠮᠡᠳᠡᠭᠡᠨ ᠤ ᠠᠵᠢᠯᠲᠠᠳ ᠢ ᠬᠥᠬᠢᠭᠦᠯᠦᠨ ᠰᠠᠶᠢᠰᠢᠶᠠᠵᠤ᠂ ︽ᠰᠢᠯᠢᠳᠡᠭ ᠨᠠᠶᠢᠷᠠᠭᠤᠯᠤᠨ ᠤᠳᠤᠷᠢᠳᠤᠭᠠᠴᠢ︾ ︽ᠬᠠᠮᠤᠭ ᠤᠨ ᠰᠢᠯᠢᠳᠡᠭ ᠭᠡᠷᠡᠯ ᠵᠢᠷᠤᠭ ᠳᠦᠷᠰᠦ ᠰᠢᠩᠭᠡᠭᠡᠯᠲᠡ︾ ︽ᠬᠥᠰᠢᠭᠡ ᠶᠢᠨ ᠠᠷᠤ ᠳᠠᠬᠢ ᠪᠠᠭᠠᠲᠤᠷ︾ ᠵᠡᠷᠭᠡ ᠱᠠᠩᠨᠠᠯ ᠣᠯᠭᠤᠵᠤ᠂ ᠰᠣᠨᠢᠨ ᠮᠡᠳᠡᠭᠡᠨ ᠤ ᠠᠵᠢᠯᠲᠠᠳ ᠢ ᠵᠣᠷᠢᠭᠵᠢᠭᠤᠯᠤᠨ ᠬᠦᠬᠢᠭᠦᠯᠵᠡᠢ ᠃      ( ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ ) 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ