ᠪᠣᠣ ᠭᠠᠩ ᠬᠤᠷᠠᠯ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ︾ ᠤᠨ ᠪᠦᠳᠦᠬᠡᠨ | ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠮᠠᠨ ᠤ ᠤᠯᠤᠰ ᠤᠨ ᠤᠮᠠᠷᠠᠰᠢ | ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ︾ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠭᠤᠷᠪᠠᠨ ᠣᠷᠣᠨ ᠭᠤᠷᠪᠠᠨ ᠭᠠᠷᠠᠮ ᠨᠠᠢᠮᠠᠨ | ᠲᠠᠯᠠᠪᠤᠷ︾ ᠤᠨ ᠪᠦᠳᠦᠬᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠭᠠᠳᠠᠭᠠᠳᠤ ᠠᠷᠠᠯᠵᠢᠶᠠᠨ ᠤ ᠳᠠᠯᠳᠠ | ᠬᠦᠴᠦᠨ ᠢ ᠭᠦᠢᠴᠡᠳ ᠠᠭᠤᠳᠠᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠠᠵᠤ ᠠᠬᠤᠶᠢᠯᠠᠯ ᠤᠨ ᠪᠤᠶᠢᠵᠢᠯᠲᠠ ᠶᠢ | ᠴᠢᠩᠭᠠᠳᠬᠠᠵᠤ᠂ ᠡᠯ᠎ᠡ ᠬᠦᠷᠢᠶᠡᠨ ᠤ ᠭᠠᠳᠠᠭᠠᠳᠤ ᠶᠠᠪᠤᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ ᠭᠡᠵᠡᠢ᠃ | ᠬᠤᠷᠠᠯ ᠠᠴᠠ ᠮᠠᠨ ᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠡᠯᠡᠳᠬᠡᠯ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠥᠯᠥᠪᠵᠢᠭᠦᠯᠭᠡ ᠳᠡᠭᠡᠨ | ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠪᠠᠷᠠᠭᠠᠯᠬᠢᠯᠠᠯᠲᠤ ᠴᠢᠨᠠᠷ ᠲᠠᠢ᠂ ᠶᠡᠭᠡ ᠪᠠᠶᠢᠷᠢᠰᠢᠯᠲᠠ ᠪᠦᠬᠦᠢ᠂ ᠥᠨᠳᠥᠷ ᠡᠬᠢᠯᠡᠯᠲᠡ ᠠᠴᠠ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠬᠡᠷᠡᠭᠲᠡᠶ᠃ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠭᠠᠳᠠᠭᠠᠳᠤ ᠨᠡᠭᠡᠭᠡᠯᠲᠡ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ᠂ ᠰᠠᠭᠤᠷᠢ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠤᠰ ᠬᠡᠳᠤ ᠶᠢᠨ ᠬᠥᠭᠵᠢᠯᠲᠡ ᠶᠢᠨ | ᠬᠡᠷᠡᠭᠴᠡᠭᠡ ᠳᠤ ᠠᠰᠢᠭᠲᠠᠢ ᠨᠢᠭᠡ ᠪᠦᠯᠦᠭ ᠭᠤᠣᠯᠳᠠᠯᠭ᠎ᠠ ᠲᠠᠢ ᠠᠵᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠶᠡᠭᠡ ᠲᠠᠯ᠎ᠠ︾ ᠳᠤ ᠣᠷᠣᠭᠤᠯᠬᠤ ᠶᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠬᠤ ᠶᠢ ᠪᠠᠷᠢᠮᠲᠠᠯᠠᠵᠤ᠂ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠲᠠᠪᠤᠨ ᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠥᠲᠥᠯᠥᠨ ᠳᠠᠭᠠᠭᠤᠯᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠮᠠᠨ ᠤ ᠬᠤᠳᠠ ᠶᠢᠨ ︽ᠵᠢᠷᠭᠤᠭᠠᠨ ᠣᠷᠣᠨ ᠪᠦᠰᠡ ᠶᠢᠨ ᠲᠥᠪ︾ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠡᠨᠡ ᠪᠣᠯ ᠣᠷᠣᠨ ᠤ ᠲᠥᠪ ᠬᠤᠳᠠ ᠶᠢᠨ ᠳᠠᠭᠠᠭᠠᠴᠠ ᠶᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ | ᠪᠦᠳᠦᠭᠡᠨ ᠪᠠᠶᠢᠭᠤᠯᠬᠤ ᠴᠢᠬᠤᠯᠠ ᠭᠠᠷᠳᠠᠴᠠ ᠪᠣᠯᠤᠨ᠎ᠠ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠥᠬᠦ ᠬᠦᠴᠦᠨ ᠢᠶᠠᠷ ᠢᠶᠠᠨ | ᠴᠣᠭᠴᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠰᠦ ᠶᠢᠨ ᠦᠢᠯᠡᠰ᠂ ᠡᠪᠡᠰᠦᠨ ᠤ | ᠦᠢᠯᠡᠰ ᠵᠡᠷᠭᠡ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠭᠤᠤᠯᠯᠠᠬᠤ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠵᠤ᠂ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠦᠨ ᠪᠥᠲᠥᠭᠡᠨ ᠪᠠᠶᠢᠭᠤᠯᠬᠤ | ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠬᠤ ᠬᠡᠷᠡᠭᠲᠡᠶ᠃ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ ᠢ ᠪᠥᠬᠦ ᠬᠦᠴᠦᠨ ᠢᠶᠠᠷ | ᠪᠠᠶᠢᠭᠤᠯᠵᠤ᠂ ᠤᠮᠠᠷᠠᠲᠤ ᠣᠷᠣᠨ ᠤ ᠴᠢᠬᠤᠯᠠ ᠲᠥᠪ ᠬᠤᠲᠠ ᠪᠠ ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠬᠤᠲᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ᠂ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠥᠷᠥᠯ ᠵᠦᠢᠯ ᠵᠡᠷᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠡᠨ ᠤ ᠭᠠᠯᠲᠤ ᠲᠡᠷᠭᠡ ᠶᠢᠨ ᠶᠠᠰᠤ ᠴᠢᠨᠠᠷ ᠪᠠ ᠪᠠᠭᠲᠠᠭᠠᠮᠵᠢ ᠶᠢ ᠶᠡᠭᠡ ᠪᠠᠷ | ᠳᠡᠭᠡᠭᠰᠢᠯᠡᠭᠦᠯᠵᠦ᠂ ᠪᠠᠷᠠᠭᠠᠨ ᠤ ᠭᠦᠢᠯᠭᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠢ ᠦᠷᠭᠦᠯᠵᠢᠯᠡᠨ ᠣᠷᠣᠭᠤᠯᠤᠨ | ᠠᠪᠴᠢᠷᠠᠵᠤ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠢ ᠪᠥᠬᠦ | ᠬᠦᠴᠦᠨ ᠢᠶᠠᠷ ᠢᠶᠠᠨ ᠪᠠᠶᠢᠭᠤᠯᠵᠤ᠂ ᠬᠤᠳᠠᠯᠳᠤᠭᠠᠨ ᠤ ᠲᠣᠭᠤᠷᠢᠭ ᠤᠨ ᠶᠠᠰᠤ ᠴᠢᠨᠠᠷ ᠢ ᠤᠯᠠᠮ ᠨᠢᠭᠡ ᠠᠯᠬᠤᠮ ᠥᠭᠡᠷᠡᠴᠢᠯᠡᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ᠂ ᠬᠦᠢᠳᠡᠨ ᠬᠡᠯᠬᠢᠶᠡᠲᠦ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠤᠨᠴᠠᠯᠢᠬᠳᠤ ᠠᠷᠠᠯᠵᠢᠶ᠎ᠠ | ᠬᠤᠳᠠᠯᠳᠤᠭᠠᠨ ᠤ ᠰᠢᠨ᠎ᠡ ᠪᠠᠶᠢᠳᠠᠯ ᠢ ᠪᠠᠶᠢᠭᠤᠯᠬᠤ ᠬᠡᠷᠡᠭᠲᠡᠶ᠃ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠬᠡᠷᠡᠭᠯᠡᠭᠡᠨ ᠤ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠲᠡᠢ᠃ ᠰᠢᠨ᠎ᠡ ᠵᠢᠯ᠂ ᠴᠠᠭᠠᠨ ᠰᠠᠷ᠎ᠠ ᠵᠡᠷᠭᠡ ᠬᠡᠷᠡᠭᠯᠡᠭᠡᠨ ᠤ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠲᠦᠷᠦᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠲᠥᠯᠥᠪᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠨᠡᠩ ᠰᠠᠶᠢᠲᠤᠷ | ᠬᠦᠭᠵᠢᠭᠡᠬᠦ ᠬᠡᠷᠡᠭᠲᠡᠢ᠃ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ | ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠣᠰᠣᠭᠠᠷ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠥᠬᠡᠶ | ᠪᠠᠶᠠᠯᠢᠭᠵᠢᠭᠤᠯᠵᠤ᠂ 4A᠂ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠭᠯᠠᠯᠲᠠ ᠶᠢᠨ ᠠᠵᠤ ᠠᠬᠤᠶ᠂ ᠡᠪᠦᠯ ᠤᠨ | ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠢ ᠰᠠᠶᠢᠲᠤᠷ ᠬᠢᠵᠦ᠂ ᠪᠥᠬᠦ ᠣᠷᠣᠨ ᠪᠦᠰᠡ ᠪᠥᠬᠦ ᠤᠯᠠᠷᠢᠯ ᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠬᠡᠷᠡᠭᠲᠡᠶ᠃ ᠣᠷᠣᠨ | ᠪᠦᠰᠡ ᠶᠢᠨ ᠰᠤᠷᠭᠠᠨ ᠬᠥᠮᠦᠵᠢᠯ ᠡᠮᠴᠢᠯᠡᠭᠡᠨ ᠤ ᠲᠥᠪ ᠢ ᠪᠥᠬᠦ ᠬᠦᠴᠦᠨ ᠢᠶᠠᠷ ᠪᠠᠶᠢᠭᠤᠯᠵᠤ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ | ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠵᠢᠱᠢᠶ᠎ᠡ ᠦᠵᠡᠭᠦᠯᠬᠦ ᠴᠢᠨᠠᠷ ᠰᠠᠶᠢᠲᠠᠶ ᠰᠤᠷᠭᠠᠭᠤᠯᠢ ᠪᠠᠶᠢᠭᠤᠯᠵᠤ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ | ᠵᠦᠢ ᠵᠣᠬᠢᠰᠲᠠᠢ ᠪᠠᠶᠢᠷᠢᠰᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ | ᠬᠡᠷᠡᠭᠲᠡᠢ᠃ ᠣᠷᠣᠨ ᠪᠦᠰᠡ ᠶᠢᠨ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠲᠥᠪ ᠢ ᠪᠥᠬᠦ ᠬᠦᠴᠦᠨ ᠢᠶᠠᠷ ᠪᠠᠶᠢᠭᠤᠯᠵᠤ᠂ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ ᠶᠢ | ᠰᠠᠶᠢᠲᠤᠷ ᠠᠰᠢᠭᠯᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ | ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠲᠠᠯ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠷᠢᠨᠭᠡᠷ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ | ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠮᠠᠨ ᠤ ᠬᠤᠲᠠ ᠶᠢᠨ ᠬᠤᠲᠠ ᠶᠢᠨ ᠶᠡᠭᠡ ᠲᠠᠷᠢᠬᠢᠨ ᠤ ᠡᠵᠡᠩᠨᠡᠯᠲᠡ ᠬᠠᠮᠢᠶᠠᠷᠤᠯᠲᠠ ᠪᠠ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠡᠷᠡᠭᠯᠡᠭᠰᠡᠨ ᠪᠠᠶᠢᠳᠠᠯ ᠢ | ᠰᠣᠨᠣᠰᠴᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠵᠠᠳᠠᠯᠤᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠨᠠᠩ ᠣᠯᠠᠨ ᠬᠡᠷᠡᠭᠯᠡᠭᠡᠨ ᠤ ᠠᠬᠤᠢ ᠶᠢ ᠨᠡᠭᠡᠭᠡᠵᠦ᠂ ᠲᠤᠭ᠎ᠠ | ᠪᠠᠷᠢᠮᠲᠠ ᠶᠢᠨ ᠰᠠᠭᠤᠷᠢ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠬᠥᠭᠵᠢᠯᠲᠡ᠂ ᠬᠤᠲᠠ ᠶᠢᠨ ᠵᠠᠰᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | |