ᠬᠥᠬᠡᠬᠤᠲᠠ ᠶᠢᠨ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠬᠦ ᠵᠥᠪᠰᠢᠶᠡᠷᠡᠯ ᠢ ᠤᠷᠢᠳᠴᠢᠯᠠᠨ ᠮᠡᠳᠡᠭᠳᠡᠬᠦ ᠦᠭᠡᠢ ᠪᠠᠷ ᠪᠠᠶᠢᠴᠠᠭᠠᠪᠠ
ᠨᠡᠶᠢᠲᠡᠯᠡᠭᠰᠡᠨ ᠴᠠᠭ᠄
2024/12/10
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠬᠥᠬᠡᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠲᠦᠷᠭᠡᠨ ᠬᠦᠷᠭᠡᠬᠦ  ᠲᠤᠬᠠᠶᠢᠯᠠᠭᠰᠠᠨ ᠠᠵᠢᠯ ᠤᠨ ᠡᠵᠡᠩᠨᠡᠬᠦ ᠵᠥᠪᠰᠢᠶᠡᠷᠡᠯ ᠢ ᠤᠷᠢᠳᠴᠢᠯᠠᠨ ᠮᠡᠳᠡᠭᠳᠡᠬᠦ ᠦᠭᠡᠢ ᠪᠠᠷ ᠪᠠᠶᠢᠴᠠᠭᠠᠯᠲᠠ ᠬᠢᠵᠦ᠂ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠴᠡᠭᠴᠡᠯᠡᠪᠡ᠃      ᠲᠣᠰ ᠤᠳᠠᠭᠠᠨ ᠤ ᠪᠠᠶᠢᠴᠠᠭᠠᠯᠲᠠ ᠳᠤ᠂ ᠬᠠᠮᠢᠶ᠎ᠠ ᠪᠥᠬᠦᠶ ᠠᠵᠤ ᠠᠬᠤᠶᠢᠯᠠᠯ ᠨᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢᠨ ᠬᠠᠮᠲᠤ᠂ ᠰᠦᠯᠵᠢᠶᠡᠨ ᠳᠡᠭᠡᠷ᠎ᠡ ᠪᠠᠶᠢᠴᠠᠭᠠᠬᠤ ᠠᠵᠢᠯ ᠢ ᠥᠷᠨᠢᠭᠦᠯᠵᠦ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠰᠢᠰᠲ᠋ᠧᠮ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠵᠥᠪᠰᠢᠶᠡᠷᠡᠯ ᠤᠨ ᠣᠷᠣᠨ ᠪᠦᠰᠡ ᠶᠢᠨ ᠲᠣᠭᠲᠠᠭᠠᠯ ᠳᠤ ᠨᠡᠶᠢᠴᠡᠬᠦ ᠪᠠᠶᠢᠳᠠᠯ ᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠠᠵᠤ ᠠᠬᠤᠶᠢᠯᠠᠯ ᠤᠨ ᠲᠦᠷᠭᠡᠨ ᠬᠦᠷᠭᠡᠬᠦ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ ᠪᠠ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠠᠵᠤ ᠠᠬᠤᠶᠢᠯᠠᠯ ᠢ ᠲᠦᠷᠭᠡᠨ ᠬᠦᠷᠭᠡᠬᠦ ᠵᠥᠪᠰᠢᠶᠡᠷᠡᠯ ᠤᠨ ᠦᠨᠡᠮᠯᠡᠯ ᠬᠢᠭᠡᠳ ᠡᠵᠡᠩᠨᠡᠯᠲᠡ ᠶᠢᠨ ᠦᠨᠡᠮᠯᠡᠯ ᠤᠨ ᠰᠠᠭᠤᠭ᠎ᠠ ᠭᠠᠵᠠᠷ ᠤᠨ ᠬᠠᠶ᠋ᠢᠭ ᠨᠢ ᠨᠢᠭᠡᠳᠦᠯ ᠥᠬᠡᠶ᠂ ᠲᠦᠷᠭᠡᠨ ᠬᠦᠷᠭᠡᠬᠦ ᠵᠥᠪᠰᠢᠶᠡᠷᠡᠯ ᠤᠨ ᠦᠨᠡᠮᠯᠡᠯ ᠬᠢᠭᠡᠳ ᠡᠵᠡᠩᠨᠡᠯᠲᠡ ᠶᠢᠨ ᠦᠨᠡᠮᠯᠡᠯ ᠤᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠨᠢ ᠨᠢᠭᠡᠳᠦᠯ ᠥᠬᠡᠶ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠤᠨ᠎ᠠ᠃ ᠲᠦᠷᠭᠡᠨ ᠬᠦᠷᠭᠡᠬᠦ ᠵᠠᠬ᠎ᠠ ᠳᠡᠯᠭᠡᠭᠦᠷ ᠢ ᠴᠡᠭᠴᠡᠯᠡᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠠᠰᠠᠭᠤᠳᠠᠯ ᠢᠶᠠᠷ ᠲᠣᠪᠤᠶᠢᠮ᠎ᠠ ᠠᠵᠤ ᠠᠬᠤᠶᠢᠯᠠᠯ ᠳᠤ ᠵᠠᠷᠯᠢᠭᠳᠠᠨ ᠵᠠᠯᠠᠷᠠᠭᠤᠯᠬᠤ᠂ ᠪᠣᠯᠵᠣᠨ ᠶᠠᠷᠢᠯᠴᠠᠵᠤ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠰᠢᠳᠬᠡᠨ ᠲᠣᠷᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠨᠢᠭᠡ ᠶᠢ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠪᠣᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ