ᠡᠨᠡ ᠵᠢᠯ ᠠᠴᠠ᠂ ᠭᠦᠭᠡᠬᠤᠲᠠ ᠶᠢᠨ ᠬᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ᠂ ᠬᠤᠳᠠᠯᠳᠤᠭᠠᠨ ᠤ | ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ᠂ ᠠᠷᠰᠠᠷ ᠠᠵᠢᠯ ᠤᠨ ᠵᠠᠬ᠎ᠠ ᠳᠡᠯᠭᠡᠭᠦᠷ ᠪᠠ ᠠᠵᠢᠯ ᠤᠨ ᠥᠷᠲᠡᠭᠡ ᠵᠡᠷᠭᠡ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠴᠣᠭᠴᠠᠯᠠᠵᠤ᠂ ︽ᠨᠢᠭᠡ ᠮᠥᠴᠡ︾ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠭᠤᠷᠢᠭ ᠢ ᠢᠳᠡᠪᠬᠢᠲᠡᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠮᠢᠳᠤᠯᠢᠭ ᠢᠶᠠᠷ ᠠᠵᠢᠯ ᠣᠯᠣᠭᠰᠠᠳ ᠵᠡᠷᠭᠡ ᠡᠯ᠎ᠡ ᠲᠥᠷᠥᠯ ᠤᠨ ᠠᠵᠢᠯ | ᠡᠷᠢᠭᠰᠡᠳ ᠲᠤ ᠪᠦᠲᠦᠮᠵᠢᠲᠠᠢ ᠦᠢᠯᠡᠴᠢᠯᠡᠭᠡ ᠬᠠᠩᠭᠠᠵᠤ᠂ ᠠᠵᠢᠯ ᠣᠯᠭᠤᠯᠲᠠ ᠶᠢᠨ ᠪᠣᠯᠣᠮᠵᠢᠲᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠵᠢᠯ | ᠣᠯᠭᠤᠯᠲᠠ ᠶᠢᠨ ᠰᠣᠩᠭᠤᠯᠲᠠ ᠶᠢᠨ ᠬᠡᠪᠴᠢᠶ᠎ᠡ ᠶᠢ ᠥᠷᠭᠡᠳᠬᠡᠪᠡ᠃ | ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠥᠪᠥᠷ | ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠵᠡᠷᠭᠡ 4 ᠶᠡᠭᠡ ᠳᠡᠭᠡᠳᠦ ᠰᠤᠷᠭᠠᠭᠤᠯᠢ ᠲᠠᠢ | ᠬᠠᠮᠲᠤᠷᠠᠨ ᠲᠡᠭᠦᠰᠬᠦ ᠰᠤᠷᠤᠬᠴᠢᠳ ᠢ ᠭᠦᠭᠡᠬᠤᠲᠠ ᠳᠤ ᠦᠯᠡᠳᠡᠭᠡᠵᠦ ᠠᠵᠢᠯ ᠣᠯᠭᠤᠬᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠠᠵᠢᠯᠲᠠᠨ ᠪᠠ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢ | ᠵᠢᠯᠤᠭᠤᠳᠬᠤ ᠭᠠᠵᠠᠷ ᠤᠨ ᠪᠠᠭᠰᠢ ᠵᠡᠷᠭᠡ ᠲᠤᠰᠬᠠᠶᠢᠵᠢᠭᠰᠠᠨ ᠪᠦᠯᠭᠦᠮ ᠨᠡᠶᠢᠲᠡ ᠠᠴᠠ ᠰᠤᠷᠤᠬᠴᠢ ᠶᠢᠨ ᠲᠤᠰᠬᠠᠢ ᠮᠡᠷᠭᠡᠵᠢᠯ᠂ ᠳᠤᠷ᠎ᠠ ᠰᠣᠨᠢᠷᠬᠠᠯ ᠪᠠ ᠬᠤᠪᠢ | ᠬᠥᠮᠥᠨ ᠤ ᠴᠢᠳᠠᠪᠤᠷᠢ ᠵᠡᠷᠭᠡ ᠶᠢ ᠦᠨᠳᠦᠰᠦᠯᠡᠨ ᠲᠡᠭᠦᠰᠬᠦ ᠰᠤᠷᠤᠬᠴᠢᠳ ᠲᠤ ᠠᠵᠢᠯ ᠣᠯᠭᠤᠯᠲᠠ ᠶᠢᠨ ᠵᠢᠯᠣᠭᠤᠳᠤᠯᠭ᠎ᠠ ᠬᠠᠩᠭᠠᠨ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠵᠡᠷᠭᠡ ᠪᠦᠭᠦ ᠲᠠᠯ᠎ᠠ ᠶᠢᠨ ᠦᠢᠯᠡᠴᠢᠯᠡᠭᠡ ᠬᠠᠩᠭᠠᠵᠠᠢ᠃ | ᠡᠨᠡ ᠵᠢᠯ ᠤᠨ 9 ᠰᠠᠷ᠎ᠠ ᠶᠢᠨ ᠰᠡᠭᠦᠯᠴᠢ ᠪᠤᠯᠲᠠᠯ᠎ᠠ ᠭᠦᠭᠡᠬᠤᠲᠠ ᠪᠠᠰᠠ ᠭᠡᠷ ᠤᠨ ᠶᠠᠪᠤᠳᠠᠯ᠂ ᠠᠮᠤᠷ ᠢ ᠬᠠᠮᠠᠭᠠᠯᠠᠬᠤ᠂ ᠡᠬᠡ ᠨᠢᠯᠬᠠᠰ ᠢ ᠠᠰᠠᠷᠠᠨ | ᠰᠤᠪᠢᠯᠠᠬᠤ᠂ ᠬᠦᠴᠦᠨ ᠤ ᠠᠵᠢᠯ ᠵᠡᠷᠭᠡ 4.5 ᠲᠦᠮᠡᠨ ᠠᠵᠢᠯ ᠤᠨ ᠪᠠᠶᠢᠷᠢ ᠬᠠᠩᠭᠠᠵᠤ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ | ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ ᠠᠷᠰᠠᠷ ᠠᠵᠢᠯ ᠤᠨ ᠥᠷᠲᠡᠭᠡ ᠶᠢ 55 ᠪᠠᠶᠢᠭᠤᠯᠵᠤ᠂ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠦᠨᠡᠨ ᠬᠦ ᠠᠬᠢᠭᠤᠯᠵᠤ᠂ ᠠᠵᠢᠯ ᠡᠷᠢᠭᠰᠡᠳ ᠲᠤ | ︽ᠭᠡᠷ ᠤᠨ ᠡᠭᠦᠳᠡᠨ︾ ᠳᠡᠭᠡᠨ ᠠᠵᠢᠯ ᠣᠯᠬᠤ ᠶᠢ ᠪᠡᠶᠡᠯᠡᠭᠦᠯᠪᠡ᠃ | | | |