ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠭᠦᠭᠡᠬᠤᠲᠠ ᠪᠤᠭᠤᠲᠤ ᠬᠤᠲᠠ ᠶᠢᠨ ᠬᠤᠲᠠᠴᠢᠯᠠᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠵᠤ᠂ | ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠨ᠂ ᠬᠤᠶᠠᠷ ᠭᠠᠵᠠᠷ ᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ ᠲᠦᠷᠦᠭᠦᠬᠡᠨ ᠭᠦᠭᠡᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠬᠠᠮᠲᠤᠷᠠᠨ ︽ᠵᠠᠯᠠᠭᠤᠴᠤᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠪᠣᠭᠤᠮᠲᠠ ᠰᠢᠪᠲᠤᠯᠬᠤ ᠠᠵᠢᠯᠯᠠᠭ᠎ᠠ ᠵᠢᠴᠢ 2024 ᠣᠨ ᠤ ᠭᠦᠭᠡᠬᠤᠲᠠ ᠪᠤᠭᠤᠲᠤ ᠬᠤᠲᠠ ᠶᠢᠨ ᠤᠷᠢᠨ ᠡᠯᠰᠡᠬᠦ ᠴᠤᠭᠯᠠᠭᠠᠨ︾ ᠡᠷᠭᠢᠯᠡᠪᠡ᠃ | ᠲᠣᠰ ᠤᠷᠢᠨ ᠡᠯᠰᠡᠬᠦ ᠴᠤᠭᠯᠠᠭᠠᠨ ᠨᠢ ︽ᠲᠤᠬᠠᠢ ᠶᠢᠨ ᠲᠠᠯᠠᠪᠠᠢ ᠶᠢᠨ ᠤᠷᠢᠨ ᠡᠯᠰᠡᠬᠦ + ᠰᠦᠯᠵᠢᠶ᠎ᠡ ᠪᠠᠷ ᠤᠷᠢᠨ ᠡᠯᠰᠡᠬᠦ + ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ︾ ᠭᠡᠯᠪᠡᠷᠢ ᠪᠠᠷ ᠶᠠᠪᠤᠭᠳᠠᠵᠤ᠂ ᠤᠯᠤᠰ ᠤᠨ ᠨᠥᠭᠡᠴᠡ ᠡᠨᠧᠷᠭᠢ᠂ ᠢᠯᠢ ᠰᠦ ᠶᠢᠨ ᠦᠢᠯᠡᠰ᠂ ᠥᠪᠥᠷ | ᠮᠣᠩᠭᠤᠯ ᠤᠨ ᠪᠦᠸᠧ ᠤᠸ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠭᠦᠭᠡᠬᠤᠲᠠ ᠪᠤᠭᠤᠲᠤ ᠬᠤᠶᠠᠷ ᠭᠠᠵᠠᠷ ᠤᠨ 90 ᠬᠥᠮᠥᠨ ᠬᠡᠷᠡᠭᠯᠡᠬᠦ ᠨᠢᠭᠡᠴᠢ | ᠤᠷᠤᠯᠴᠠᠵᠦ᠂ ᠤᠷᠢᠨ ᠡᠯᠰᠡᠬᠦ ᠴᠤᠭᠯᠠᠭᠠᠨ ᠨᠢ ᠲᠤᠬᠠᠢ ᠶᠢᠨ ᠲᠠᠯᠠᠪᠠᠶ ᠳᠤ 2501 ᠠᠵᠢᠯ ᠤᠨ ᠪᠠᠶᠢᠷᠢ ᠬᠠᠩᠭᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ | ᠲᠣᠭᠤᠷᠢᠭ ᠪᠠ ᠠᠵᠢᠯ ᠡᠷᠢᠬᠦ ᠦᠢᠯᠡᠴᠢᠯᠡᠭᠡᠨ ᠤ ᠣᠶᠤᠨᠴᠢ ᠠᠵᠢᠯ ᠣᠯᠭᠤᠯᠲᠠ ᠶᠢᠨ ᠲᠤᠰᠬᠠᠢ ᠲᠣᠭᠤᠷᠢᠭ ᠭᠠᠷᠭᠠᠵᠤ᠂ ᠬᠥᠮᠥᠨ ᠬᠡᠷᠡᠭᠯᠡᠬᠦ ᠨᠢᠭᠡᠴᠢ ᠪᠠ ᠠᠵᠢᠯ | ᠡᠷᠢᠬᠦ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠣᠯᠵᠤ ᠦᠢᠯᠡᠰ ᠪᠣᠰᠬᠠᠬᠤ ᠪᠣᠯᠪᠠᠰᠤᠷᠠᠯ᠂ ᠦᠢᠯᠡᠰ | ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠭᠤᠶᠤᠴᠢᠯᠠᠯ᠂ ᠠᠵᠢᠯ ᠡᠷᠢᠬᠦ ᠳᠠᠩᠰᠠᠯᠠᠯᠲᠠ ᠵᠡᠷᠭᠡ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡ ᠬᠠᠩᠭᠠᠪᠠ᠃ | |