ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠦᠷᠦᠭᠦᠯᠡᠨ 12 ᠠᠶᠢᠮᠠᠭ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤᠷᠠᠨ ᠦᠢᠯᠡᠳᠦᠭᠰᠡᠨ︽ᠬᠤᠪᠢᠰᠬᠠᠯᠲᠤ ᠤᠮᠠᠷᠠᠲᠤ ᠬᠢᠯᠢ︾ ᠭᠡᠬᠦ 100 ᠪᠦᠯᠦᠭᠲᠦ ︽ᠪᠢᠴᠢᠯ | ᠨᠠᠮ ᠤᠨ ᠬᠢᠴᠢᠶᠡᠯ︾ ᠢ ᠲᠥᠪ ᠤᠨ ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ ᠤᠨ ᠥᠪᠥᠷ ᠮᠣᠩᠭᠤᠯ ᠤᠨ ᠰᠢᠯᠵᠢᠶ᠎ᠡ ︵ᠰᠤᠪᠠᠭ᠂ ᠲᠠᠪᠴᠠᠩ︶᠂ ᠥᠪᠥᠷ | ᠮᠣᠩᠭᠤᠯ ᠤᠨ ᠭᠤᠣᠯ ᠪᠤᠯᠬᠤ ᠰᠢᠨ᠎ᠡ ᠵᠠᠭᠤᠴᠢᠯᠠᠭᠤᠷ ᠤᠨ ᠲᠠᠪᠴᠠᠩ᠂ ᠥᠪᠥᠷ ᠮᠣᠩᠭᠤᠯ ᠤᠨ ᠨᠠᠮ ᠤᠨ ᠭᠡᠰᠢᠭᠦᠨ ᠤ ᠬᠥᠮᠦᠵᠢᠯ ᠤᠨ ᠸᠢᠳᠢᠤ᠋ ᠶᠢᠨ ᠳ᠋ᠤᠭᠠᠷ᠂ | ︽ᠤᠮᠠᠷᠠᠲᠤ ᠬᠢᠯᠢ ᠶᠢᠨ ᠬᠤᠰᠢᠭᠤᠴᠢ︾ ᠴᠤᠤᠷᠢᠶ᠎ᠠ ᠳ᠋ᠤᠭᠠᠷ ᠲᠤ ᠵᠠᠯᠭᠠᠭ᠎ᠠ ᠪᠠᠷ ᠨᠡᠶᠢᠲᠡᠯᠡᠵᠦ ᠨᠡᠪᠲᠡᠷᠡᠭᠦᠯᠪᠡ᠃ | ︽ᠬᠤᠪᠢᠰᠬᠠᠯᠲᠤ ᠤᠮᠠᠷᠠᠲᠤ ᠬᠢᠯᠢ︾ ᠭᠡᠬᠦ 100 ᠪᠦᠯᠦᠭᠲᠦ ︽ᠪᠢᠴᠢᠯ ᠨᠠᠮ ᠤᠨ ᠬᠢᠴᠢᠶᠡᠯ︾ ᠨᠢ ᠪᠦᠯᠦᠭ ᠪᠦᠷᠢ 3 ᠮᠢᠨᠦ᠋ᠲ ᠰᠢᠬᠠᠮ ᠪᠠᠶᠢᠵᠤ᠂ ᠮᠠᠨ ᠤ | ᠣᠷᠣᠨ ᠤ 100 ᠲᠥᠯᠥᠭᠡᠯᠡᠬᠦ ᠴᠢᠨᠠᠷᠲᠠᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠢᠶᠠᠷ ︽ᠪᠢᠴᠢᠯ ᠨᠠᠮ ᠤᠨ ᠬᠢᠴᠢᠶᠡᠯ︾ ᠤᠨ ᠰᠡᠳᠦᠪ | ᠰᠣᠩᠭᠤᠯᠲᠠ ᠪᠤᠯᠭᠠᠵᠤ᠂ 100 ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠢᠶᠠᠷ ︽ᠪᠢᠴᠢᠯ ᠨᠠᠮ ᠤᠨ ᠬᠢᠴᠢᠶᠡᠯ︾ ᠤᠨ ᠭᠤᠣᠯ ᠲᠠᠶᠢᠯᠪᠤᠷᠢᠯᠠᠭᠴᠢ ᠶᠢᠨ ᠲᠤᠰᠢᠶᠠᠯ ᠢ | ᠡᠭᠦᠷᠭᠡᠯᠡᠭᠦᠯᠵᠦ᠂ ᠬᠤᠪᠢᠰᠬᠠᠯ ᠤᠨ ᠦᠯᠢᠭᠡᠷ ᠢ ᠶᠠᠷᠢᠭᠤᠯᠪᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠢᠨ ︽ᠬᠤᠪᠢᠰᠬᠠᠯ ᠤᠨ ᠲᠡᠦᠬᠡ︾ | ᠶᠢ ᠦᠷᠭᠦᠯᠵᠢᠯᠡᠨ ᠭᠦᠨᠵᠡᠭᠡᠢ ᠠᠭᠤᠳᠠᠯᠵᠤ᠂ ᠨᠠᠮ ᠤᠨ ᠭᠡᠰᠢᠭᠦᠨ ᠤ ᠬᠥᠮᠦᠵᠢᠯ ᠤᠨ ᠰᠢᠷᠢᠰ ᠬᠢᠴᠢᠶᠡᠯ ᠢ ᠵᠣᠬᠢᠶᠠᠨ ᠦᠢᠯᠡᠳᠴᠦ᠂ ᠪᠦᠭᠦ ᠣᠷᠣᠨ ᠤ ᠥᠷᠭᠡᠨ | ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠤᠳᠤᠷᠢᠳᠤᠭᠴᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠩ ᠡᠷᠡᠰ ᠪᠠᠲᠤ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ | ᠤᠷᠤᠭᠰᠢᠯᠠᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠪᠠ᠃ |