ᠲᠦᠷᠦᠭᠦᠬᠡᠨ᠂ ᠭᠦᠭᠡᠬᠤᠲᠠ ᠶᠢᠨ ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠭᠦᠭᠡᠬᠤᠲᠠ ᠶᠢᠨ ᠦᠨᠳᠦᠰᠦᠲᠡᠨ ᠤ ᠬᠡᠷᠡᠭ | ᠡᠷᠭᠢᠯᠡᠭᠦ ᠵᠥᠪᠯᠡᠯ ᠵᠡᠷᠭᠡ ᠨᠢᠭᠡᠴᠢ ᠠᠴᠠ ᠭᠤᠣᠯᠯᠠᠨ ᠡᠷᠭᠢᠯᠡᠭᠰᠡᠨ ︽ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ·ᠪᠠᠭᠠᠴᠤᠳ ︿ᠠᠨᠠᠷ ᠤᠨ ᠦᠷ᠎ᠡ﹀ | ᠥᠭᠦᠯᠡᠬᠦᠢ︾ ᠤᠬᠠᠭᠤᠯᠤᠨ ᠲᠠᠶᠢᠯᠪᠤᠷᠢᠯᠠᠭᠴᠢ ᠶᠢᠨ ᠤᠷᠤᠯᠳᠤᠭᠠᠨ ᠵᠢᠴᠢ ᠭᠦᠭᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠤᠯᠠᠭᠠᠨ ᠪᠦᠴᠡᠲᠡᠨ ᠤ | ᠤᠬᠠᠭᠤᠯᠤᠨ ᠲᠠᠶᠢᠯᠪᠤᠷᠢᠯᠠᠭᠴᠢ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠭᠦᠭᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠳᠤ ᠶᠠᠪᠤᠭᠳᠠᠪᠠ᠃ | 70 ᠭᠠᠷᠤᠢ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠲᠠᠮᠵᠢᠨ ᠭᠦᠭᠡᠬᠤᠲᠠ ᠶᠢᠨ 100 ᠰᠢᠬᠠᠮ ᠳᠤᠮᠳᠠᠳᠤ ᠪᠠᠭ᠎ᠠ ᠰᠤᠷᠭᠠᠭᠤᠯᠢ ᠶᠢᠨ 500 ᠭᠠᠷᠤᠢ | ᠰᠢᠯᠢᠳᠡᠭ ᠪᠦᠲᠦᠭᠡᠯ ᠢ ᠰᠢᠯᠭᠠᠷᠠᠭᠤᠯᠤᠨ ᠭᠠᠷᠭᠠᠵᠤ᠂ 69 ᠤᠷᠤᠯᠳᠤᠭᠠᠨ ᠳᠤ ᠣᠷᠣᠯᠴᠠᠭᠰᠠᠳ ᠲᠤᠰ ᠲᠤᠰ ᠱᠠᠩᠨᠠᠯ ᠭᠦᠷᠲᠡᠪᠡ᠃ | ᠱᠠᠩᠨᠠᠯ ᠣᠯᠭᠤᠬᠤ ᠶᠣᠰᠣᠯᠠᠯ ᠨᠢ ︽ᠨᠡᠷ᠎ᠡ ᠢᠨᠦ ᠳᠤᠮᠳᠠᠳᠤ ᠤᠯᠤᠰ︾ ᠭᠡᠬᠦ ᠳᠠᠭᠤᠤ ᠪᠥᠵᠢᠭ ᠢᠶᠠᠷ ᠬᠥᠰᠢᠭᠡ ᠰᠡᠬᠦᠵᠦ᠂ ᠰᠤᠷᠤᠬᠴᠢᠳ ᠭᠤᠶᠢᠳᠠ | ᠰᠠᠶᠢᠬᠠᠨ ᠲᠣᠬᠯᠠᠯᠲᠠ᠂ ᠳᠠᠭᠤᠤ ᠪᠥᠵᠢᠭ ᠢᠶᠠᠷ ᠢᠶᠠᠨ ᠡᠬᠡ ᠤᠯᠤᠰ ᠲᠠᠭᠠᠨ ᠬᠠᠶᠢᠷᠠᠲᠠᠢ ᠪᠠᠶᠢᠭ᠎ᠠ ᠰᠡᠳᠬᠢᠯᠭᠡ ᠪᠠᠨ ᠢᠯᠡᠳᠬᠡᠪᠡ᠃ ︽ᠣᠯᠠᠨ ᠡᠰᠢᠲᠦ ᠰᠣᠶᠣᠯ ᠤᠨ | ᠦᠨᠡᠲᠦ ᠡᠷᠳᠡᠨᠢ ᠶᠢ ᠰᠣᠨᠢᠷᠬᠠᠵᠤ ᠦᠨᠳᠦᠰᠦᠲᠡᠨ ᠤ ᠪᠦᠯᠬᠦᠮᠳᠡᠯ ᠤᠨ ᠡᠬᠢ ᠰᠤᠷᠪᠤᠯᠵᠢ ᠶᠢ ᠬᠠᠶᠢᠨᠠᠮ︾ ᠭᠡᠬᠦ ᠪᠦᠲᠦᠭᠡᠯ ᠪᠠᠭ᠎ᠠ ᠰᠤᠷᠭᠠᠭᠤᠯᠢ ᠶᠢᠨ | ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠡᠢ᠃ ᠲᠤᠰ ᠪᠦᠲᠦᠭᠡᠯ ᠨᠢ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠳᠠᠮᠵᠢᠭᠤᠯᠤᠨ ᠲᠣᠷᠭᠠᠨ ᠵᠠᠮ | ᠳᠡᠭᠡᠷᠡᠬᠢ ᠰᠣᠶᠣᠯ ᠤᠨ ᠠᠭᠤᠰᠤᠯᠴᠠᠯ ᠢ ᠲᠠᠶᠢᠯᠪᠤᠷᠢᠯᠠᠭᠰᠠᠨ ᠪᠠᠶᠢᠯ᠎ᠠ᠃ ᠥᠪᠥᠷ ᠮᠣᠩᠭᠤᠯ ᠤᠨ ᠮᠦᠽᠧᠢ ᠶᠢᠨ ᠲᠠᠶᠢᠯᠪᠤᠷᠢᠯᠠᠭᠴᠢ ᠰᠤᠷᠤᠬᠴᠢᠳ ᠲᠠᠢ ᠬᠠᠮᠲᠤ ᠪᠠᠷ | ᠲᠣᠰ ᠪᠦᠲᠦᠭᠡᠯ ᠢ ᠳᠡᠯᠭᠡᠨ ᠦᠵᠡᠭᠦᠯᠵᠦ᠂ ᠭᠦᠭᠡᠬᠤᠳᠠ ᠶᠢᠨ ᠰᠢᠨ᠎ᠡ ᠬᠤᠲᠠ ᠲᠣᠭᠤᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠭᠤᠶᠢᠳᠠ | ᠰᠠᠶᠢᠬᠠᠨ ᠲᠠᠶᠢᠯᠤᠮᠵᠢ ᠬᠢᠵᠦ᠂ ᠦᠵᠡᠭᠴᠢᠳ ᠲᠤ ᠡᠯ᠎ᠡ ᠦᠨᠳᠦᠰᠦᠲᠡᠨ ᠤ ᠰᠣᠶᠣᠯ ᠬᠠᠷᠢᠯᠴᠠᠨ ᠲᠣᠯᠢ ᠪᠤᠯᠭᠠᠵᠤ ᠬᠠᠮᠲᠤ ᠪᠠᠷ ᠬᠥᠭᠵᠢᠵᠦ ᠢᠷᠡᠭᠰᠡᠨ ᠵᠢᠴᠢ | ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠬᠤ ᠴᠢᠬᠤᠯᠠ ᠶᠡᠭᠡ ᠬᠠᠷᠢᠭᠤᠴᠠᠯᠭ᠎ᠠ ᠡᠭᠦᠷᠭᠡᠯᠡᠯ ᠢ ᠭᠦᠨᠵᠡᠭᠡᠢ ᠲᠠᠨᠢᠭᠤᠯᠤᠭᠰᠠᠨ ᠪᠠᠶᠢᠨ᠎ᠠ᠃ | ᠲᠤᠬᠠᠢ ᠶᠢᠨ ᠲᠠᠯᠠᠪᠠᠶ ᠳᠤ ᠪᠠᠰᠠ︽ᠰᠦᠷᠯᠢᠭ ᠰᠠᠶᠢᠬᠠᠨ ᠥᠪᠥᠷ ᠮᠣᠩᠭᠤᠯ︾᠂ ︽ᠴᠠᠩ ᠧ ᠡᠭᠡᠴᠢ ᠭᠡᠷ ᠲᠡᠭᠡᠨ ᠬᠠᠷᠢᠯ᠎ᠠ︾ ᠵᠡᠷᠭᠡ ᠰᠢᠯᠢᠳᠡᠭ | ᠪᠦᠲᠦᠭᠡᠯ ᠤᠨ ᠦᠵᠡᠭᠦᠯᠭᠡ ᠵᠢᠴᠢ ᠴᠠᠷᠭᠢᠯ ᠬᠤᠯᠪᠤᠭ᠎ᠠ ︽ᠴᠡᠴᠡᠭ ᠳᠡᠯᠭᠡᠷᠡᠨ ᠨᠡᠷᠡᠨ ᠲᠤᠶᠠᠭᠠᠷᠠᠯ᠎ᠠ︾ ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ | ᠲᠣᠬᠯᠠᠯᠲᠠ ᠭᠠᠷᠭᠠᠵᠠᠢ᠃ | ᠤᠷᠤᠯᠳᠤᠭᠠᠨ ᠨᠢ ᠤᠮᠠᠷᠠᠲᠤ ᠬᠢᠯᠢ ᠶᠢᠨ ᠵᠠᠯᠠᠭᠤᠴᠤᠳ ᠪᠠᠭᠠᠴᠤᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠰᠢᠯᠢᠳᠡᠭ ᠪᠦᠲᠦᠭᠡᠯ ᠤᠨ | ᠳᠡᠯᠭᠡᠨ ᠦᠵᠡᠭᠦᠯᠭᠡ ᠪᠠᠷ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠬᠠᠳᠠᠩᠰᠢᠭᠤᠯᠪᠠ᠃ |