ᠪᠣᠣ ᠭᠠᠩ ᠵᠠᠩ ᠭᠧ ᠬᠤᠷᠠᠯ ᠳᠤ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 10 ᠤ ᠡᠳᠦᠷ᠂ ᠪᠡᠭᠡᠵᠢᠩ ᠬᠤᠳᠠ ᠶᠢᠨ ᠬᠠᠢ ᠳ᠋ᠢᠶᠠᠨ ᠲᠣᠭᠤᠷᠢᠭ ᠬᠥᠬᠡᠬᠤᠲᠠ ᠲᠠᠢ ᠬᠠᠮᠲᠤ ᠪᠠᠷ ︽ᠬᠤᠶᠠᠷ | ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ ᠴᠤᠭᠴᠠᠯᠠᠬᠤ ᠠᠵᠢᠯ ᠤᠨ ᠠᠬᠢᠭᠤᠯᠬᠤ ᠬᠤᠷᠠᠯ ᠪᠡᠭᠡᠵᠢᠩ ᠳᠤ ᠬᠤᠷᠠᠯᠳᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ᠂ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠵᠠᠩ ᠭᠧ ᠬᠤᠷᠠᠯ ᠳᠤ ᠣᠷᠣᠯᠴᠠᠪᠠ᠃ | ᠬᠤᠷᠠᠯ ᠠᠴᠠ ᠬᠤᠶᠠᠷ ᠲᠠᠯ᠎ᠠ ᠶᠢᠨ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ ᠬᠠᠮᠲᠤ ᠪᠠᠷ ᠴᠣᠭᠴᠠᠯᠠᠭᠠᠳ ᠣᠯᠤᠭᠰᠠᠨ ᠱᠠᠳᠤᠴᠢ ᠴᠢᠨᠠᠷᠲᠠᠢ ᠦᠷ᠎ᠡ | ᠪᠦᠲᠦᠭᠡᠯ ᠢ ᠰᠣᠨᠣᠰᠴᠤ᠂ 2025 ᠣᠨ ᠤ ᠭᠤᠣᠯᠳᠠᠯᠭ᠎ᠠ ᠲᠠᠢ ᠬᠠᠮᠲᠤᠷᠠᠯᠴᠠᠭᠠᠨ ᠤ ᠵᠦᠢᠯᠡᠰ ᠢ ᠲᠤᠬᠢᠷᠠᠭᠤᠯᠤᠨ ᠪᠠᠶᠢᠷᠢᠯᠠᠭᠤᠯᠵᠤ᠂ ᠵᠦᠩ ᠭᠤᠸᠠᠨ ᠼᠦᠨ ᠤ ᠰᠢᠨᠵᠢᠯᠡᠬᠦ | ᠤᠬᠠᠭᠠᠨ ᠤ ᠬᠤᠳᠠ ᠶᠢᠨ ᠪᠤᠳᠤᠯᠭ᠎ᠠ ᠶᠢᠨ ᠬᠦᠴᠦᠨ ᠤ ᠦᠢᠯᠡᠴᠢᠯᠡᠭᠡ ᠶᠢ ᠳᠡᠮᠵᠢᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ᠂ ᠠᠵᠤ ᠦᠢᠯᠡᠰ ᠤᠨ ᠠᠮᠢ ᠠᠬᠤᠢ ᠶᠢᠨ | ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠳᠡᠮᠵᠢᠬᠦ᠂ ᠪᠡᠭᠡᠵᠢᠩ ᠲᠢᠶᠠᠨᠵᠢᠨ ᠡᡁᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠷ᠎ᠡ | ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠂ ᠬᠠᠮᠲᠤᠷᠠᠨ ᠰᠤᠷᠭᠠᠭᠤᠯᠢ ᠡᠷᠬᠢᠯᠡᠬᠦ ᠵᠡᠷᠭᠡ ᠲᠠᠯ᠎ᠠ ᠪᠠᠷ 6 ᠵᠦᠢᠯ ᠤᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠪᠠ᠃ | | ᠪᠣᠣ ᠭᠠᠩ ᠬᠠᠢ ᠳ᠋ᠢᠶᠠᠨ ᠲᠣᠭᠤᠷᠢᠭ ᠠᠴᠠ ᠬᠥᠬᠡᠬᠤᠲᠠ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠰᠢᠨ᠎ᠡ ᠨᠢᠭᠡ | ᠡᠭᠡᠯᠵᠢ ᠶᠢᠨ ᠬᠢᠮᠡᠯ ᠤᠶᠤᠨ ᠤ ᠬᠥᠭᠵᠢᠯᠲᠡ ᠶᠢᠨ ᠤᠷᠤᠰᠬᠠᠯ ᠤᠨ ᠡᠮᠦᠨ᠎ᠡ᠂ ᠬᠠᠢ ᠳ᠋ᠢᠶᠠᠨ ᠲᠣᠭᠤᠷᠢᠭ ᠢᠮᠠᠭᠲᠠ ᠤᠯᠤᠰ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠶᠢᠨ | ᠲᠤᠰᠠᠳᠠ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠪᠣᠯᠤᠨ ᠬᠤᠪᠢᠰᠤᠯᠲᠠ ᠶᠢᠨ ᠰᠡᠷᠭᠡᠭ ᠴᠢᠨᠠᠷ ᠢᠶᠠᠨ ᠴᠠᠭ ᠢᠮᠠᠭᠲᠠ ᠪᠠᠲᠤᠯᠠᠵᠤ᠂ ᠬᠥᠭᠵᠢᠯᠲᠡ ᠶᠢᠨ ᠰᠠᠭᠤᠷᠢ ᠪᠣᠯᠤᠨ | ᠳᠠᠪᠠᠭᠤᠯᠢᠭ ᠢᠶᠠᠨ ᠦᠷᠭᠦᠯᠵᠢᠯᠡᠨ ᠥᠷᠭᠡᠳᠬᠡᠵᠦ᠂ ᠬᠢᠮᠡᠯ ᠤᠶᠤᠨ ᠤ ᠬᠥᠭᠵᠢᠯᠲᠡ ᠶᠢᠨ ᠤᠷᠢᠳᠴᠢᠯᠠᠨ ᠬᠦᠭᠵᠢᠬᠦ ᠶᠢ ᠠᠬᠢᠭᠤᠯᠪᠠ᠃ ᠬᠠᠢ ᠳ᠋ᠢᠶᠠᠨ ᠲᠣᠭᠤᠷᠢᠭ ᠬᠥᠬᠡᠬᠤᠲᠠ ᠲᠠᠢ | ᠬᠠᠮᠲᠤ ᠪᠠᠷ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ ᠴᠣᠭᠴᠠᠯᠠᠬᠤ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠢᠮᠡᠯ ᠤᠶᠤᠨ ᠤ ᠠᠵᠤ ᠦᠢᠯᠡᠰ ᠤᠨ ᠥᠨᠳᠦᠷᠯᠢᠭ ᠢ ᠬᠠᠮᠲᠤᠷᠠᠨ ᠪᠠᠶᠢᠭᠤᠯᠬᠤ ᠪᠣᠳᠠᠲᠠᠢ ᠠᠵᠢᠯᠯᠠᠭ᠎ᠠ ᠮᠥᠨ᠃ | ᠢᠯᠠᠩᠭᠤᠶ᠎ᠠ ᠬᠠᠮᠲᠤᠪᠠᠷ ᠬᠡᠷᠡᠭᠵᠢᠭᠦᠯᠦᠭᠰᠡᠨ ︽ᠪᠡᠭᠡᠵᠢᠩ ᠤᠨ ᠲᠤᠭ᠎ᠠ ᠶᠢ ᠥᠪᠥᠷ ᠮᠣᠩᠭᠤᠯ ᠳᠤ ᠪᠣᠳᠣᠬᠤ︾ ᠣᠶᠤᠨᠴᠢ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ᠂ | ᠵᠡᠷᠭᠡᠴᠡᠭᠡ ᠪᠤᠳᠤᠯᠭ᠎ᠠ ᠶᠢᠨ ᠬᠦᠴᠦᠨ ᠤ ᠰᠠᠭᠤᠷᠢᠨ ᠭᠠᠵᠠᠷ᠂ ᠬᠤᠸᠠ ᠵᠤ᠋ ᠤᠶᠤᠨᠴᠢ ᠪᠣᠳᠣᠯᠭ᠎ᠠ ᠶᠢᠨ ᠲᠥᠪ ᠵᠡᠷᠭᠡ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠲᠥᠷᠥᠯ | ᠵᠦᠢᠯ ᠨᠢ ᠤᠯᠤᠰ ᠤᠨ ᠳᠣᠲᠣᠭᠠᠳᠤ ᠶᠢᠨ ᠬᠢᠮᠡᠯ ᠣᠶᠤᠨ ᠤ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ᠂ ᠤᠯᠤᠰ ᠲᠠᠭᠠᠨ | ᠦᠢᠯᠡᠳᠪᠦᠷᠢᠯᠡᠭᠰᠡᠨ ᠪᠣᠳᠣᠯᠭ᠎ᠠ ᠶᠢᠨ ᠴᠢᠳᠠᠪᠤᠷᠢ ᠶᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠣᠷᠣᠨ ᠪᠦᠰᠡ ᠶᠢᠨ ᠬᠠᠮᠲᠤᠷᠠᠯᠴᠠᠭ᠎ᠠ᠂ | ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠠᠬᠢᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ᠃ ᠬᠤᠶᠠᠷ ᠭᠠᠵᠠᠷ ᠤᠨ ᠨᠢᠭᠲᠠ | ᠬᠠᠮᠲᠤᠷᠠᠯᠴᠠᠭ᠎ᠠ ᠰᠣᠯᠢᠯᠴᠠᠭ᠎ᠠ ᠠᠴᠠ ᠨᠠᠭᠠᠰᠢ᠂ ᠬᠠᠢ ᠳ᠋ᠢᠶᠠᠨ ᠲᠤᠭᠤᠷᠢᠭ ᠤᠨ ︽ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ︾ ᠡᠭᠦᠷᠭᠡ ᠬᠠᠷᠢᠭᠤᠴᠠᠯᠭ᠎ᠠ ᠪᠠ ᠦᠨᠡᠨ ᠬᠦ | ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠭᠦᠨᠵᠡᠭᠡᠢ ᠣᠶᠢᠯᠠᠭᠠᠪᠠ᠃ ᠬᠥᠬᠡᠬᠤᠲᠠ ᠵᠣᠯᠭᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠦᠷᠦ ᠶᠢᠨ | ᠪᠤᠳᠤᠯᠭ᠎ᠠ ᠶᠢᠨ ᠳᠡᠮᠵᠢᠯᠭᠡ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢ ᠢᠳᠡᠪᠬᠢᠲᠡᠢ ᠬᠠᠩᠭᠠᠵᠤ᠂ ᠬᠤᠶᠠᠷ ᠲᠠᠯ᠎ᠠ ᠶᠢᠨ ᠬᠢᠮᠡᠯ ᠤᠶᠤᠨ ᠤ ᠠᠵᠤ ᠦᠢᠯᠡᠰ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ᠂ ᠬᠦᠷᠢᠶᠡᠯᠡᠩ ᠲᠣᠭᠤᠷᠢᠭ ᠤᠨ ᠰᠣᠯᠢᠯᠴᠠᠭ᠎ᠠ | ᠬᠠᠮᠵᠢᠯᠴᠠᠭ᠎ᠠ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠨᠡᠩ ᠤᠯᠠᠨ ᠬᠦᠷᠢᠶ᠎ᠡ ᠴᠠᠷᠠᠭ᠎ᠠ᠂ ᠨᠡᠩ ᠥᠨᠳᠥᠷ ᠲᠦᠪᠰᠢᠨ ᠢᠶᠠᠷ ᠬᠠᠮᠲᠤᠪᠠᠷ ᠪᠠᠶᠢᠭᠤᠯᠵᠤ ᠬᠠᠮᠲᠤᠪᠠᠷ ᠠᠰᠢᠭ | ᠬᠦᠷᠳᠡᠬᠦ ᠶᠢ ᠪᠡᠶᠡᠯᠡᠭᠦᠯᠵᠦ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ᠵᠠᠩ ᠭᠧ ᠬᠥᠬᠡᠬᠤᠲᠠ ᠶᠢᠨ ᠤᠳᠤᠷᠢᠳᠤᠯᠭ᠎ᠠ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ | ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠭᠦᠯᠬᠦ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠢᠳᠡᠪᠬᠢᠲᠡᠶ ᠠᠬᠢᠭᠤᠯᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠤᠨ ᠢᠷᠡᠭᠡᠳᠦᠶ ᠶᠢᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠵᠤ᠂ | ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠲᠥᠭᠡᠨ ᠪᠠᠶᠢᠭᠤᠯᠬᠤ ᠳᠤᠮᠳᠠ ᠣᠯᠠᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠠᠢ᠃ ᠬᠠᠢ ᠳ᠋ᠢᠶᠠᠨ ᠲᠤᠭᠤᠷᠢᠭ | ᠪᠡᠭᠡᠵᠢᠩ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠭᠤᠣᠯ ᠣᠷᠣᠨ ᠪᠣᠯᠤᠭᠰᠠᠨ ᠤ ᠬᠤᠪᠢ ᠳᠤ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠳᠤ ᠦᠢᠯᠡᠴᠢᠯᠡᠬᠦ ᠲᠣᠭᠤᠷᠢᠨ ᠳᠤ᠂ ᠬᠢᠮᠡᠯ ᠤᠶᠤᠨ ᠤ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ | ᠪᠠᠲᠤ ᠡᠵᠡᠮᠳᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠣᠷᠣᠨ | ᠪᠦᠰᠡ ᠶᠢᠨ ᠬᠠᠮᠵᠢᠯᠴᠠᠭ᠎ᠠ ᠶᠢ ᠪᠠᠷᠢᠮᠲᠠᠯᠠᠵᠤ᠂ ᠬᠤᠰᠢᠭᠤᠷᠠᠯ ᠤᠨᠤᠯ᠂ ᠦᠨᠳᠦᠰᠦᠨ ᠳᠠᠪᠬᠤᠷᠭ᠎ᠠ ᠶᠢᠨ ᠮᠡᠷᠭᠡᠵᠢᠯ᠂ ᠪᠤᠳᠤᠯᠭ᠎ᠠ ᠶᠢᠨ ᠬᠦᠴᠦᠨ᠂ ᠲᠤᠭ᠎ᠠ ᠪᠠᠷᠢᠮᠲᠠ᠂ ᠠᠬᠤᠢ | ᠪᠠᠶᠢᠳᠠᠯ ᠤᠨ ᠬᠡᠷᠡᠭᠯᠡᠯᠲᠡ ᠶᠢᠨ ᠪᠦᠬᠦ ᠬᠡᠯᠬᠢᠶᠡᠨ ᠳᠤ ᠬᠦᠴᠦᠯᠡᠵᠦ᠂ ᠬᠢᠮᠡᠯ ᠤᠶᠤᠨ ᠤ ᠰᠢᠨ᠎ᠡ ᠶᠢ ᠡᠭᠦᠳᠬᠦ᠂ ᠡᠯ᠎ᠡ ᠡᠯᠧᠮᠧᠨ᠋ᠲ ᠢ ᠲᠥᠪᠯᠡᠷᠡᠭᠦᠯᠦᠭᠰᠡᠨ᠂ ᠠᠵᠤ ᠦᠢᠯᠡᠰ ᠤᠨ | ᠪᠦᠭᠡᠮᠨᠡᠷᠡᠯ ᠤᠨ ᠥᠨᠳᠦᠷᠯᠢᠭ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ | ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠪᠡ᠃ ᠬᠤᠶᠠᠷ ᠲᠠᠯ᠎ᠠ ᠶᠢᠨ ᠬᠢᠨ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ ᠬᠠᠮᠲᠤ ᠪᠠᠷ ᠴᠤᠭᠴᠠᠯᠠᠬᠤ | ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢ᠂ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠢᠮᠡᠯ ᠤᠶᠤᠨ ᠤ ᠠᠵᠤ ᠦᠢᠯᠡᠰ | ᠵᠡᠷᠭᠡ ᠵᠠᠩᠭᠢᠯᠠᠭ᠎ᠠ ᠶᠢᠨ ᠬᠥᠭᠵᠢᠯᠲᠡ ᠶᠢᠨ ᠬᠦᠷᠢᠶᠡᠨ ᠳᠤ ᠡᠯᠧᠮᠧᠨ᠋ᠲ ᠤᠨ ᠠᠭᠤᠰᠤᠯᠴᠠᠯ᠂ ᠡᠬᠢ ᠪᠠᠶᠠᠯᠢᠭ ᠤᠨ ᠨᠡᠪᠲᠡᠷᠡᠯᠴᠡᠭᠡ᠂ ᠦᠢᠯᠡᠴᠢᠯᠡᠭᠡᠨ ᠤ ᠰᠠᠭᠠᠳ ᠦᠭᠡᠢ ᠨᠡᠪᠲᠡᠷᠡᠬᠦ ᠶᠢ | ᠭᠦᠨᠵᠡᠭᠡᠢ ᠠᠬᠢᠭᠤᠯᠵᠤ᠂ ᠡᠯ᠎ᠡ ᠵᠦᠢᠯ ᠤᠨ ᠠᠵᠢᠯ ᠱᠠᠳᠤᠴᠢ ᠴᠢᠨᠠᠷᠲᠠᠢ ᠠᠬᠢᠴᠠ ᠲᠠᠢ ᠪᠣᠯᠪᠠ᠃ ᠬᠤᠶᠠᠷ ᠲᠠᠯ᠎ᠠ ᠪᠠᠷ ᠢᠶᠠᠨ ᠠᠯᠤᠰ ᠬᠡᠳᠤ ᠶᠢᠨ ᠬᠥᠭᠵᠢᠯᠲᠡ ᠶᠢ ᠪᠣᠳᠣᠯᠬᠢᠯᠠᠵᠤ᠂ | ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤ ᠪᠠᠨ ᠬᠠᠷᠢᠯᠴᠠᠨ ᠨᠥᠬᠦᠪᠦᠷᠢᠯᠡᠵᠦ᠂ ᠦᠷᠭᠦᠯᠵᠢᠯᠡᠨ ᠬᠦᠴᠦᠯᠡᠵᠦ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠦᠨ᠂ | ᠠᠵᠤ ᠦᠢᠯᠡᠰ ᠤᠨ ᠬᠠᠮᠵᠢᠯᠴᠠᠭ᠎ᠠ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ ᠢ ᠬᠠᠮᠲᠤᠪᠠᠷ ᠰᠦᠪᠡᠭᠴᠢᠯᠡᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠪᠦᠲᠦᠭᠡᠯᠴᠢ ᠴᠢᠳᠠᠪᠬᠢ ᠶᠢ ᠨᠡᠩ ᠶᠡᠭᠡ ᠡᠷᠴᠢᠮ ᠢᠶᠠᠷ ᠬᠥᠭᠵᠢᠭᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠰᠦᠷᠦᠩᠭᠦᠢ ᠬᠥᠭᠵᠢᠯᠲᠡ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠦᠢᠯᠡᠳᠪᠦᠷᠢᠯᠡᠯ ᠤᠨ ᠬᠦᠴᠦᠨ ᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠭᠦᠨᠵᠡᠭᠡᠢ ᠬᠠᠮᠲᠤᠷᠠᠯᠴᠠᠬᠤ ᠳᠤ ᠨᠡᠩ ᠤᠯᠠᠨ ᠦᠷ᠎ᠡ ᠪᠦᠲᠦᠭᠡᠯ ᠣᠯᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ | ᠰᠠᠶᠢᠨ ᠦᠢᠯᠡᠴᠢᠯᠡᠬᠦ ᠶᠢ ᠬᠦᠰᠡᠵᠦ ᠪᠠᠶᠢᠨ᠎ᠠ ᠭᠡᠵᠡᠢ᠃ | ᠬᠠᠢ ᠳ᠋ᠢᠶᠠᠨ ᠲᠣᠭᠤᠷᠢᠭ ᠤᠨ ᠤᠳᠤᠷᠢᠳᠤᠯᠭ᠎ᠠ ᠶᠤᠸᠠᠢ ᠯᠢ᠂ ᠴᠧᠩ ᠫᠧᠢ ᠾᠧᠩ᠂ ᠲᠠᠩ ᠴᠤᠤ᠂ ᠬᠥᠬᠡᠬᠤᠲᠠ ᠶᠢᠨ ᠤᠳᠤᠷᠢᠳᠤᠯᠭ᠎ᠠ ᠯᠢᠦ ᠵᠢᠢ ᠶᠢᠩ᠂ ᠼᠤᠤ ᡁᠢ᠂ ᠵᠦ | ᠵᠢᠶᠠᠨ ᠭᠦᠸᠧ ᠣᠷᠣᠯᠴᠠᠵᠠᠢ᠃ | |