︵ᠰᠤᠷᠪᠤᠯᠵᠢᠯᠠᠭᠴᠢ ᠯᠢᠦᠢ ᠬᠤᠢ ᠱᠧᠩ︶ 12 ᠳ᠋ᠤᠭᠠᠷ ᠰᠠᠷ᠎ᠠ ᠶᠢᠨ 10 ᠤ ᠡᠳᠦᠷ᠂ ᠬᠥᠬᠡᠬᠤᠲᠠ ᠶᠢᠨ ᠵᠠᠯᠠᠭᠤ ᠠᠵᠤ ᠠᠬᠤᠶᠢᠯᠠᠯᠲᠠᠳ ᠤᠨ | ᠨᠡᠢᠭᠡᠮᠯᠢᠭ ᠤᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠂ ᠵᠠᠯᠠᠭᠤ ᠠᠵᠤ ᠠᠬᠤᠶᠢᠯᠠᠯᠲᠠᠳ ᠤᠨ ᠨᠡᠢᠭᠡᠮᠯᠢᠭ ᠤᠨ ᠰᠢᠨ᠎ᠡ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠰᠣᠩᠭᠤᠨ ᠭᠠᠷᠭᠠᠵᠤ᠂ ᠰᠢᠥᠸᠠᠢ ᠴᠤᠤ ᠵᠠᠯᠠᠭᠤ ᠠᠵᠤ ᠠᠬᠤᠶᠢᠯᠠᠯᠲᠠᠳ ᠤᠨ ᠨᠡᠢᠭᠡᠮᠯᠢᠭ ᠤᠨ ᠲᠠᠪᠤᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠪᠠᠷ ᠰᠣᠩᠭᠤᠭᠳᠠᠪᠠ᠃ | ᠣᠶᠢᠯᠠᠭᠠᠭᠰᠠᠨ ᠢᠶᠠᠷ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠪᠣᠯ ᠬᠤᠲᠠ ᠶᠢᠨ ᠡᠪᠯᠡᠯ ᠤᠨ ᠬᠤᠷᠢᠶᠠᠨ ᠤ ᠵᠢᠯᠣᠭᠤᠳᠣᠯᠭ᠎ᠠ ᠳᠣᠤᠷᠠᠬᠢ | ᠵᠠᠯᠠᠭᠤᠴᠤᠳ ᠤᠨ ᠪᠦᠯᠬᠦᠮ ᠮᠥᠨ᠂ ᠰᠢᠯᠢᠳᠡᠭ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠮᠥᠨ᠂ ︽ᠦᠢᠯᠡᠴᠢᠯᠡᠬᠦ᠂ | ᠳᠠᠶᠢᠴᠢᠯᠠᠬᠤ᠂ ᠬᠥᠲᠥᠯᠥᠨ ᠵᠢᠯᠣᠭᠤᠳᠬᠤ︾ ᠪᠠᠷ ᠵᠣᠷᠢᠯᠲᠠ ᠪᠣᠯᠭᠠᠵᠤ᠂ ︽ᠰᠢᠨ᠎ᠡ ᠶᠢ ᠡᠭᠦᠳᠬᠦ᠂ ᠰᠢᠯᠢᠳᠡᠭ ᠢ ᠡᠭᠦᠳᠬᠦ︾ ᠪᠠᠷ ᠬᠠᠷᠠᠯᠲᠠ ᠪᠣᠯᠭᠠᠵᠤ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ ᠥᠷᠭᠡᠨ ᠣᠯᠠᠨ ᠨᠡᠶᠢᠭᠡᠮᠯᠢᠭ ᠤᠨ ᠭᠡᠰᠢᠭᠦᠳ ᠲᠤ | ᠦᠢᠯᠡᠴᠢᠯᠡᠵᠦ᠂ ᠬᠤᠳᠠᠯᠳᠤᠭᠠᠨ ᠤ ᠶᠠᠪᠤᠳᠠᠯ ᠤᠨ ᠬᠤᠯᠪᠣᠭᠠᠯᠠᠯ᠂ ᠬᠤᠳᠠᠯᠳᠤᠭᠠᠴᠢᠨ ᠤᠷᠢᠬᠤ ᠵᠡᠷᠭᠡ ᠠᠵᠢᠯᠯᠠᠭ᠎ᠠ ᠶᠢ ᠢᠳᠡᠪᠬᠢᠲᠡᠶ ᠡᠷᠭᠢᠯᠡᠵᠦ᠂ ᠵᠠᠯᠠᠭᠤ ᠠᠵᠤ | ᠠᠬᠤᠶᠢᠯᠠᠯᠲᠠᠨ ᠤ ᠭᠠᠳᠠᠭᠠᠳᠤ ᠰᠣᠯᠢᠯᠴᠠᠭᠠᠨ ᠤ ᠲᠠᠪᠴᠠᠩ ᠪᠠ ᠭᠡᠰᠢᠭᠦᠨ ᠠᠵᠤ ᠠᠬᠤᠶᠢᠯᠠᠯ ᠤᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠠᠵᠤ | ᠠᠬᠤᠶᠢᠯᠠᠯ ᠳᠤ ᠮᠡᠷᠭᠡᠵᠢᠯ᠂ ᠪᠠᠯᠠ ᠮᠥᠩᠭᠦ᠂ ᠲᠥᠷᠥᠯ ᠵᠦᠢᠯ ᠣᠷᠣᠭᠤᠯᠬᠤ ᠳᠤ ᠬᠥᠭᠦᠷᠭᠡ ᠲᠠᠯᠪᠢᠳᠠᠭ᠃ | ᠣᠳᠣᠬᠠᠨ ᠳᠤ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠤᠯᠠᠮ ᠬᠥᠭᠵᠢᠵᠦ᠂ | ᠨᠡᠶᠢᠲᠡ 200 ᠭᠠᠷᠤᠶ ᠭᠡᠰᠢᠭᠦᠨ ᠨᠢᠭᠡᠴᠢ ᠲᠠᠢ ᠪᠣᠯᠵᠤ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠠᠵᠢᠯ ᠲᠥᠷᠥᠯ ᠢ | ᠦᠨᠳᠦᠰᠦᠨ ᠳᠡᠭᠡᠨ ᠬᠠᠮᠤᠷᠤᠭᠰᠠᠨ ᠪᠠᠶᠢᠨ᠎ᠠ᠃ ᠥᠩᠭᠡᠷᠡᠭᠰᠡᠨ 5 ᠵᠢᠯ ᠳᠤ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠠᠮᠢᠳᠤ ᠪᠣᠳᠠᠰ ᠤᠨ ᠡᠮ | ᠡᠮᠨᠡᠯᠭᠡ᠂ ᠴᠡᠪᠡᠷ ᠡᠨᠧᠷᠭᠢ ᠵᠡᠷᠭᠡ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ 60 ᠭᠠᠷᠤᠢ ᠵᠠᠯᠠᠭᠤ ᠠᠵᠤ ᠠᠬᠤᠶᠢᠯᠠᠯᠲᠠᠨ ᠢ | ᠤᠷᠢᠵᠤ ᠂ ᠲᠣᠭᠲᠠᠬᠤ ᠰᠢᠶᠠᠨ᠂ ᠴᠢᠩ ᠱᠦᠢ ᠾᠧ ᠰᠢᠶᠠᠨ᠂ ᠰᠢᠨ᠎ᠡ ᠬᠤᠳᠠ ᠲᠣᠭᠤᠷᠢᠭ ᠲᠤ ︽ᠰᠢᠶᠠᠨ ᠤ ᠬᠡᠪᠴᠢᠶᠡᠨ ᠤ ᠬᠥᠭᠵᠢᠯᠲᠡ ᠳᠤ ᠬᠦᠴᠦᠨ | ᠨᠡᠮᠡᠷᠢᠯᠡᠵᠦ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ︾ ᠠᠵᠢᠯᠯᠠᠭ᠎ᠠ ᠥᠷᠨᠢᠭᠦᠯᠵᠦ᠂ ᠲᠦᠷᠦᠯ ᠵᠦᠢᠯ᠂ ᠪᠡᠯᠡ ᠮᠥᠩᠭᠦ᠂ ᠮᠡᠷᠭᠡᠵᠢᠯ᠂ | ᠴᠢᠳᠠᠪᠤᠷᠢᠲᠠᠨ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠵᠦ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠬᠥᠭᠵᠢᠯᠲᠡ ᠳᠤ | ᠵᠠᠯᠠᠭᠤᠴᠤᠳ ᠤᠨ ᠬᠦᠴᠦᠨ ᠴᠢᠳᠠᠯ ᠢᠶᠠᠨ ᠨᠡᠮᠡᠷᠢᠯᠡᠪᠡ᠃ ᠵᠠᠯᠠᠭᠤ ᠠᠵᠤ ᠠᠬᠤᠶᠢᠯᠠᠯᠲᠠᠳ ᠨᠡᠶᠢᠭᠡᠮ ᠳᠤ ᠠᠴᠢ ᠬᠠᠷᠢᠭᠤᠯᠤᠨ᠂ ᠨᠡᠶᠢᠳᠡ 1000 ᠲᠦᠮᠡ | ᠭᠠᠷᠤᠢ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠵᠠᠯᠠᠭᠤ ᠠᠵᠤ ᠠᠬᠤᠶᠢᠯᠠᠯᠲᠠᠳ ᠤᠨ ᠬᠠᠷᠢᠭᠤᠴᠠᠯᠭ᠎ᠠ ᠶᠢ ᠢᠯᠡᠷᠡᠭᠦᠯᠵᠦ᠂ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠥᠷᠭᠡᠨ ᠲᠠᠭᠠᠰᠢᠶᠠᠯ ᠢ ᠤᠯᠪᠠ᠃ | ᠲᠠᠷᠠᠭᠠᠴᠢ ᠶᠢᠨ ᠠᠯᠬᠤᠮ ᠳᠤ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠦᠷᠭᠦᠯᠵᠢᠯᠡᠨ ᠲᠡᠮᠡᠴᠡᠬᠦ ᠳᠤᠮᠳᠠ ᠤᠯᠠᠮᠵᠢᠯᠠᠨ ᠬᠦᠭᠵᠢᠵᠦ᠂ | ᠨᠡᠶᠢᠭᠡᠮᠯᠢᠭ ᠢ ᠦᠨᠡᠨ ᠬᠦ ᠵᠠᠯᠠᠭᠤᠴᠤᠳ ᠢ ᠨᠢᠭᠲᠠᠷᠠᠭᠤᠯᠬᠤ᠂ ᠠᠵᠤ ᠠᠬᠤᠶ ᠳᠤ ᠦᠢᠯᠡᠴᠢᠯᠡᠬᠦ ︽ᠶᠡᠭᠡ ᠭᠡᠷ ᠪᠦᠯᠢ︾ ᠪᠣᠯᠭᠠᠨ ᠴᠣᠭᠴᠠᠯᠠᠵᠤ᠂ | ᠵᠠᠯᠠᠭᠤᠴᠤᠳ ᠤᠨ ᠠᠳᠠᠯ ᠦᠢᠯᠡᠰ ᠪᠦᠲᠦᠭᠡᠬᠦ ᠬᠥᠭᠵᠢᠯᠲᠡ ᠶᠢᠨ ︽ᠴᠢᠩᠭ᠎ᠠ ᠰᠣᠷᠢᠨᠵᠢᠨ ᠣᠷᠣᠨ︾ ᠪᠣᠯᠭᠠᠬᠤ ᠪᠣᠯᠣᠨ᠎ᠠ᠃ | |