ᠣᠶᠢᠷ᠎ᠠ ᠶᠢᠨ ᠵᠢᠯ ᠳᠤ ᠭᠦᠭᠡᠬᠤᠲᠠ︽ᠭᠦᠭᠡᠬᠤᠲᠠ ᠶᠢᠨ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠤᠨ ᠬᠠᠮᠵᠢᠯᠴᠠᠨ ᠰᠢᠨ᠎ᠡ ᠶᠢ | ᠡᠭᠦᠳᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾᠂ ︽ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ︿ᠪᠦᠰᠡᠯᠡᠯᠲᠡ ᠰᠢᠪᠲᠤᠯᠬᠤ﹀ | ᠢᠨᠵᠧᠨᠧᠷᠢᠩ ᠢ ᠠᠬᠢᠭᠤᠯᠬᠤ ᠬᠡᠷᠡᠭᠵᠢᠭᠦᠯᠬᠦ ᠲᠥᠰᠥᠯ︾᠂︽ᠭᠦᠭᠡᠬᠤᠲᠠ ᠶᠢᠨ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ | ᠮᠥᠩᠭᠦ ᠶᠢᠨ ᠬᠠᠮᠢᠶᠠᠷᠤᠯᠲᠠ ᠶᠢᠨ ᠠᠷᠭ᠎ᠠ᠂ ︽ᠭᠦᠭᠡᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ | ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠳᠣᠲᠣᠭᠠᠳᠤ | ᠬᠥᠳᠡᠯᠭᠡᠬᠦ ᠬᠦᠴᠦᠨ ᠪᠠ ᠪᠦᠲᠦᠭᠡᠯᠴᠢ ᠬᠦᠴᠦᠨ ᠢ ᠪᠦᠲᠦᠮᠵᠢᠲᠡᠶ ᠬᠥᠭᠵᠢᠭᠡᠵᠦ᠂ ᠵᠢᠷᠭᠤᠭᠠᠨ ᠶᠡᠭᠡ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠪᠠᠶᠢᠨ᠎ᠠ᠃ | ᠣᠶᠢᠷ᠎ᠠ ᠶᠢᠨ ᠵᠢᠯ ᠳᠤ᠂ ᠭᠦᠭᠡᠬᠤᠲᠠ ᠣᠷᠣᠨ ᠪᠦᠰᠡ ᠠᠯᠤᠰᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ ᠪᠦᠭᠦ ᠤᠯᠤᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠮᠳᠤᠭᠤᠯᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ | ᠬᠥᠭᠵᠢᠬᠦ ᠳᠤ ᠢᠳᠡᠪᠬᠢᠲᠡᠢ ᠠᠭᠤᠰᠤᠯᠴᠠᠨ᠂ ᠪᠠᠷᠠᠭᠤᠨ ᠬᠡᠰᠡᠭ ᠪᠣᠯᠣᠨ ᠵᠡᠭᠦᠨ ᠬᠤᠶᠢᠲᠤ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠪᠡ᠃ ᠡᠨᠡ ᠵᠢᠯ | ᠭᠦᠭᠡᠬᠤᠲᠠ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠯᠦᠭᠡ ᠬᠠᠮᠲᠤᠷᠠᠨ ᠭᠦᠭᠡᠬᠤᠲᠠ ᠶᠢᠨ ᠰᠤᠳᠤᠯᠭᠠᠨ ᠤ | ᠲᠥᠪ ᠢ ᠪᠠᠶᠢᠭᠤᠯᠵᠤ᠂ ᠬᠤᠰᠢᠭᠤᠷᠠᠯ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠲᠤᠰᠬᠠᠢ ᠰᠠᠭᠤᠷᠢ ᠮᠥᠩᠭᠦ᠂ ᠵᠣᠯᠭᠠᠭᠤᠯᠬᠤ ᠠᠵᠢᠯᠯᠠᠭ᠎ᠠ ᠪᠠᠷ | ᠳᠠᠮᠵᠢᠭᠤᠯᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠪᠠ᠃ ᠣᠳᠣᠬᠠᠨ ᠳᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠲᠠᠢ ᠬᠠᠮᠲᠤᠷᠠᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠲᠤ ᠪᠠᠷ ︽ᠲᠡᠷᠢᠭᠦᠨ ᠤ ᠮᠡᠷᠭᠡᠵᠢᠯ ᠤᠨ ᠲᠤᠷᠰᠢᠯᠲᠠ ᠶᠢᠨ ᠲᠠᠰᠤᠭ︾ ᠢ ᠪᠠᠶᠢᠭᠤᠯᠪᠠ᠃ ᠪᠠᠰᠠ130 ᠭᠠᠷᠤᠢ ᠶᠡᠭᠡ | ᠳᠡᠭᠡᠳᠦ ᠰᠤᠷᠭᠠᠭᠤᠯᠢ ᠲᠠᠢ ᠬᠠᠮᠲᠤᠷᠠᠨ᠂ ᠭᠦᠭᠡᠬᠤᠲᠠ ᠠᠴᠠ ᠪᠡᠭᠡᠵᠢᠩ ᠤᠨ ᠬᠠᠢ ᠳ᠋ᠢᠶᠠᠨ ᠲᠣᠭᠤᠷᠢᠭ ᠬᠦᠷᠬᠦ ᠬᠤᠶᠠᠷ ᠴᠠᠭ ᠤᠨ ᠰᠢᠨ᠎ᠡ ᠶᠢ ᠡᠭᠦᠳᠬᠦ | ᠲᠣᠭᠤᠷᠢᠭ ᠢ ᠪᠠᠶᠢᠭᠤᠯᠵᠤ᠂ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠭᠦᠭᠡᠬᠤᠲᠠ ᠶᠢᠨ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠳ ᠢ ᠲᠦᠷᠦᠭᠦᠯᠡᠨ ᠬᠡᠷᠡᠭᠵᠢᠭᠦᠯᠵᠦ ᠪᠤᠶ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ - ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ - ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠤᠨ ᠱᠠᠲᠤᠯᠢᠭ ᠲᠣᠭᠲᠠᠴᠠ ᠶᠢ ᠪᠠᠶᠢᠭᠤᠯᠵᠤ᠂ ᠣᠲᠣ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | 533᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 801 ᠪᠠᠶᠢᠵᠤ᠂ ᠴᠥᠮ ᠪᠦᠭᠦ ᠣᠷᠣᠨ ᠤ | ᠲᠡᠷᠢᠭᠦᠨ ᠳᠤ ᠣᠷᠣᠪᠠ᠃ | |