︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠡᠭᠡᠵᠢᠩ ᠲᠢᠶᠠᠨᠵᠢᠨ ᠾᠧᠪᠧᠶ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠰᠢᠨ᠎ᠡ ᠶᠢ ᠡᠭᠦᠳᠬᠦ ᠲᠥᠪ ᠤᠨ ᠡᠷᠬᠢᠯᠡᠭᠴᠢ ᠸᠠᠩ ᠵᠢᠢ ᠰᠢᠶᠠᠩ ᠲᠠᠢ ᠶᠠᠷᠢᠯᠴᠠᠪᠠ᠃ | ᠪᠣᠣ ᠭᠠᠩ ᠬᠡᠯᠡᠬᠦ ᠳᠡᠭᠡᠨ᠂ ᠪᠡᠭᠡᠵᠢᠩ ᠲᠢᠶᠠᠨᠵᠢᠨ ᠡᡁᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠤᠯᠤᠰ ᠤᠨ ᠲᠡᠰ ᠤᠨ ᠰᠢᠨ᠎ᠡ ᠶᠢ ᠡᠭᠦᠳᠬᠦ | ᠲᠠᠪᠴᠠᠩ ᠪᠣᠯᠤᠭᠰᠠᠨ ᠤ ᠬᠤᠪᠢ ᠳᠤ᠂ ᠮᠠᠰᠢ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠣᠯᠤᠨ ᠳᠡᠭᠡᠳᠦ ᠲᠡᠰ ᠤᠨ ᠰᠢᠨ᠎ᠡ ᠶᠢ ᠡᠭᠦᠳᠬᠦ ᠡᠬᠢ | ᠪᠠᠶᠠᠯᠢᠭ ᠢ ᠬᠤᠷᠠᠮᠳᠤᠭᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠰᠤᠷᠪᠤᠯᠵᠢ ᠭᠠᠵᠠᠷ ᠪᠣᠯᠤᠨ᠎ᠠ᠃ ᠣᠳᠣᠬᠠᠨ ᠳᠤ᠂ | ᠬᠥᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠶᠡᠬᠡᠪᠡᠷ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠣᠷᠣᠨ ᠪᠦᠰᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠵᠤ ᠪᠠᠶᠢᠨ᠎ᠠ᠃ ᠪᠢᠳᠡ ᠬᠠᠮᠲᠤ ᠪᠠᠷ ᠪᠦᠲᠦᠭᠡᠨ ᠪᠠᠶᠢᠭᠤᠯᠤᠭᠰᠠᠨ ᠪᠡᠭᠡᠵᠢᠩ ᠲᠢᠶᠠᠨᠵᠢᠨ ᠾᠧᠪᠧᠢ ᠶᠢᠨ | ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ ᠨᠢ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠶᠢ ᠲᠦᠯᠬᠢᠨ | ᠠᠬᠢᠭᠤᠯᠵᠤ᠂ ᠣᠷᠣᠨ ᠤ ᠲᠥᠪ ᠬᠤᠲᠠ ᠶᠢᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ ᠳᠤ ᠴᠢᠬᠤᠯᠠ ᠦᠢᠯᠡᠳᠦᠯ ᠦᠵᠡᠭᠦᠯᠪᠡ᠃ | ᠰᠢᠨ᠎ᠡ ᠶᠢ ᠡᠭᠦᠳᠬᠦ ᠲᠥᠪ ᠨᠢ ᠣᠷᠣᠨ ᠤ ᠲᠥᠪ ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠤᠨ ᠲᠣᠭᠤᠷᠢᠨ ᠳᠤ᠂ ᠰᠦ ᠶᠢᠨ ᠦᠢᠯᠡᠰ ᠪᠠ ᠡᠪᠡᠰᠦᠨ | ᠦᠷ᠎ᠡ ᠶᠢᠨ ᠦᠢᠯᠡᠰ᠂ ᠬᠢᠮᠡᠯ ᠣᠶᠤᠨ᠂ ᠪᠣᠬᠢᠷᠲᠤᠯ ᠥᠬᠡᠶ ᠡᠨᠧᠷᠭᠢ ᠬᠠᠳᠠᠭᠠᠯᠠᠬᠤ᠂ ᠰᠢᠨ᠎ᠡ ᠮᠠᠲ᠋ᠧᠷᠢᠶᠠᠯ᠂ ᠣᠶᠤᠨᠴᠢ ᠦᠢᠯᠡᠳᠭᠡᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠬᠦᠷᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠠᠯᠠ ᠮᠥᠩᠭᠦ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠠᠭᠤᠰᠤᠯᠴᠠᠭᠤᠯᠤᠨ ᠬᠥᠭᠵᠢᠭᠦᠯᠬᠦ ᠶᠢ | ᠬᠦᠰᠡᠵᠦ ᠪᠠᠶᠢᠨ᠎ᠠ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ | ᠠᠬᠤᠶᠢᠯᠠᠯ ᠳᠤ ᠴᠢᠨᠠᠷ ᠰᠠᠶᠢᠲᠠᠶ ᠢᠵᠢ ᠪᠥᠷᠢᠳᠦᠭᠦᠯᠬᠦ ᠦᠢᠯᠡᠴᠢᠯᠡᠭᠡ ᠪᠠ ᠡᠯᠪᠡᠭ ᠪᠠᠶᠠᠯᠢᠭ ᠬᠡᠷᠡᠭᠯᠡᠭᠡᠨ ᠤ ᠠᠬᠤᠢ ᠶᠢ ᠬᠠᠩᠭᠠᠵᠤ᠂ ᠨᠠᠩ ᠣᠯᠠᠨ ᠬᠤᠰᠢᠭᠤᠷᠠᠯ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠢ ᠬᠥᠬᠡᠬᠤᠲᠠ ᠳᠤ ᠤᠯᠠᠷᠢᠭᠤᠯᠤᠨ ᠨᠠᠶᠢᠳᠠᠪᠤᠷᠢᠵᠢᠭᠤᠯᠵᠤ᠂ ᠴᠡᠴᠡᠭᠯᠡᠭᠦᠯᠦᠨ ᠵᠢᠮᠢᠰᠯᠡᠭᠦᠯᠦᠨ᠎ᠡ ᠭᠡᠪᠡ᠃ | ᠸᠠᠩ ᠵᠢᠢ ᠰᠢᠶᠠᠩ ᠪᠣᠣ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠰᠢᠨ᠎ᠡ ᠶᠢ ᠡᠭᠦᠳᠬᠦ ᠲᠥᠪ ᠤᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ | ᠰᠢᠨ᠎ᠡ ᠶᠢ ᠡᠭᠦᠳᠬᠦ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ | ᠬᠦᠳᠦᠯᠦᠨ ᠳᠠᠭᠠᠭᠤᠯᠬᠤ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠪᠠᠨ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠦᠪᠦᠷ ᠮᠤᠩᠭᠤᠯ ᠪᠤᠯ ᠡᠨᠧᠷᠬᠢ ᠶᠢᠨ ᠲᠤᠮᠤ | ᠤᠷᠤᠨ ᠪᠤᠯᠤᠨ᠎ᠠ᠂ ᠦᠪᠡᠷᠮᠢᠴᠠ ᠡᠬᠢ ᠪᠠᠶᠠᠯᠢᠭ ᠤᠨ ᠲᠠᠪᠠᠭᠤᠯᠢᠭ᠂ ᠠᠵᠤ ᠦᠢᠯᠡᠰ ᠤᠨ ᠲᠠᠪᠠᠭᠤᠯᠢᠭ ᠲᠠᠢ᠂ ᠰᠢᠨᠵᠢᠯᠡᠬᠦ ᠤᠬᠠᠭᠠᠨ ᠤ ᠰᠤᠳᠤᠯᠭᠠᠨ ᠢ ᠤᠯᠠᠷᠢᠭᠤᠯᠤᠨ ᠭᠡᠷᠡᠭᠯᠡᠬᠦ | ᠠᠬᠤᠢ ᠪᠠᠶᠢᠳᠠᠯ ᠡᠯᠪᠡᠭ ᠪᠠᠶᠠᠯᠢᠭ ᠶᠤᠮ᠃ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠥᠪ ᠬᠤᠳᠠ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠭᠦᠭᠵᠢᠭᠰᠡᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ | ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠰᠢᠨ᠎ᠡ ᠶᠢ ᠡᠭᠦᠳᠬᠦ ᠲᠥᠪ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠬᠥᠭᠵᠢᠯᠲᠡ ᠳᠤ | ᠥᠩ ᠰᠢᠮᠡᠯᠢᠭ ᠬᠥᠷᠥᠰᠥ ᠬᠠᠩᠭᠠᠵᠠᠢ᠃ ᠰᠢᠨ᠎ᠡ ᠶᠢ ᠡᠭᠦᠳᠬᠦ ᠲᠥᠪ ᠨᠢ ᠣᠷᠣᠨ ᠤ ᠲᠥᠪ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ | ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠠ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠢ ᠬᠥᠬᠡᠬᠤᠲᠠ ᠳᠤ ᠨᠠᠶᠢᠳᠠᠪᠤᠷᠢᠵᠢᠭᠤᠯᠤᠨ ᠤᠯᠠᠷᠢᠭᠤᠯᠵᠤ᠂ | ᠤᠷᠤᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠨ᠎ᠡ ᠭᠡᠪᠡ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠣᠣ ᠭᠠᠩ ᠰᠢᠨ᠎ᠡ ᠶᠢ ᠡᠭᠦᠳᠬᠦ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ | ᠲᠢᠩᠬᠢᠮ ᠪᠣᠯᠣᠨ ᠰᠢᠨ᠎ᠡ ᠶᠢ ᠡᠭᠦᠳᠬᠦ ᠲᠥᠪ ᠤᠨ ᠪᠤᠶᠢᠵᠢᠭᠤᠯᠤᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠷ ᠠᠵᠤ ᠠᠬᠤᠶᠢᠯᠠᠯ ᠢ ᠲᠣᠭᠤᠷᠢᠨ ᠦᠵᠡᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ᠂ ᠦᠢᠯᠡᠳᠬᠦᠨ ᠤ ᠰᠤᠳᠤᠯᠤᠨ ᠨᠡᠭᠡᠭᠡᠯᠲᠡ ᠪᠣᠯᠣᠨ ᠠᠵᠤ ᠦᠢᠯᠡᠰᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | ᠯᠢᠦ ᠵᠢᠢ ᠶᠢᠩ᠂ ᠼᠤᠤ ᡁᠢ ᠣᠷᠣᠯᠴᠠᠪᠠ᠃ | |