ᠥᠪᠥᠷ ᠮᠣᠩᠭᠤᠯ ᠤᠨ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠣᠭᠠᠴᠢᠯᠠᠭᠰᠠᠨ ᠠᠵᠤ ᠦᠢᠯᠡᠰ ᠤᠨ ᠲᠣᠭᠤᠷᠢᠭ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/12/13
      ︵ᠰᠤᠷᠪᠤᠯᠵᠢᠯᠠᠭᠴᠢ ᠯᠢᠶᠠᠩ ᠵᠢᠩ ᠱᠥ︶ 12 ᠳ᠋ᠤᠭᠠᠷ ᠰᠠᠷ᠎ᠠ ᠶᠢᠨ 12 ᠤᠨ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠣᠭᠠᠴᠢᠯᠠᠭᠰᠠᠨ ᠠᠵᠤ ᠦᠢᠯᠡᠰ ᠤᠨ ᠲᠣᠭᠤᠷᠢᠭ ᠢ ᠨᠡᠶᠢᠲᠡᠯᠡᠬᠦ ᠲᠤᠬᠠᠶ ᠮᠡᠳᠡᠭᠳᠡᠯ︾ ᠢ ᠨᠡᠶᠢᠲᠡᠯᠡᠵᠦ᠂ ᠥᠪᠥᠷ ᠮᠣᠩᠭᠤᠯ ᠤᠨ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠣᠭᠠᠴᠢᠯᠠᠭᠰᠠᠨ ᠠᠵᠤ ᠦᠢᠯᠡᠰ ᠤᠨ ᠲᠣᠭᠤᠷᠢᠭ ᠢᠶᠠᠷ ᠰᠣᠩᠭᠤᠭᠳᠠᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ᠨᠢ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠭᠤᠤᠯ ᠣᠷᠣᠨ ᠪᠦᠰᠡ ᠪᠣᠯᠤᠭᠰᠠᠨ ᠤ ᠬᠤᠪᠢ ᠳᠤ᠂ ︽ᠨᠢᠭᠡ ᠬᠦᠷᠢᠶᠡᠯᠡᠩ ᠬᠤᠶᠠᠷ ᠲᠤᠭᠤᠷᠢᠭ ᠲᠠᠪᠤᠨ ᠰᠠᠭᠤᠷᠢᠨ ᠭᠠᠵᠠᠷ︾ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠶᠡᠷᠦᠩᠬᠡᠶ ᠬᠢᠨᠠᠨ ᠲᠣᠭᠲᠠᠭᠠᠭᠰᠠᠨ ᠲᠠᠯᠠᠪᠠᠶ ᠨᠢ 19.757 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃      ᠥᠪᠥᠷ ᠮᠣᠩᠭᠤᠯ ᠤᠨ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ᠨᠢ ᠲᠣᠭᠠᠴᠢᠯᠠᠭᠰᠠᠨ ᠰᠠᠭᠤᠷᠢ ᠲᠥᠬᠦᠭᠡᠷᠦᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ᠂ ᠣᠷᠣᠨ ᠪᠠᠶᠢᠷᠢ ᠵᠠᠮ ᠬᠠᠷᠢᠯᠴᠠᠭ᠎ᠠ ᠵᠡᠷᠭᠡ ᠳᠠᠪᠠᠭᠤᠯᠢᠭ ᠲᠠᠭᠠᠨ ᠰᠠᠭᠤᠷᠢᠯᠠᠵᠤ᠂ ᠣᠶᠤᠨᠴᠢ ᠪᠣᠳᠣᠯᠭ᠎ᠠ ᠶᠢᠨ ᠠᠵᠤ ᠦᠢᠯᠡᠰ ᠤᠨ ᠠᠮᠢ ᠠᠬᠤᠶ ᠶᠢ ᠪᠤᠶᠢᠵᠢᠭᠤᠯᠤᠨ᠂ ᠲᠤᠭ᠎ᠠ ᠪᠠᠷᠢᠮᠲᠠ ᠳᠤ ᠲᠡᠮᠳᠡᠭ ᠬᠠᠳᠠᠬᠤ ᠰᠠᠭᠤᠷᠢᠨ ᠭᠠᠵᠠᠷ ᠤᠨ ᠬᠥᠭᠵᠢᠯᠲᠡ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠬᠤᠲᠠ ᠶᠢᠨ ᠡᠵᠡᠩᠨᠡᠯᠲᠡ ᠶᠢᠨ ᠰᠢᠨ᠎ᠡ ᠵᠠᠭᠪᠤᠷ ᠢ ᠡᠭᠦᠳᠪᠡ᠃ ᠣᠲᠣ ᠪᠣᠯᠲᠠᠯ᠎ᠠ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠬᠠᠮᠢᠶ᠎ᠠ ᠪᠥᠬᠦᠶ ᠠᠵᠤ ᠠᠬᠤᠶᠢᠯᠠᠯ ᠢ ᠨᠡᠶᠢᠲᠡ 150 ᠭᠠᠷᠤᠶ ᠬᠠᠷᠢᠯᠴᠠᠨ ᠵᠣᠯᠭᠠᠭᠤᠯᠵᠤ᠂ ᠨᠢᠭᠡᠨᠲᠡ 50 ᠭᠠᠷᠤᠶ ᠠᠵᠤ ᠠᠬᠤᠶᠢᠯᠠᠯ ᠰᠠᠭᠤᠷᠢᠰᠢᠨ᠂ ᠠᠵᠤ ᠦᠢᠯᠡᠰ ᠤᠨ ᠬᠤᠯᠪᠣᠭᠳᠠᠬᠤ ᠦᠢᠯᠡᠳᠬᠦᠨ ᠤ ᠥᠷᠲᠡᠭ ᠨᠢ ᠪᠠᠷᠤᠭ 30 ᠳ᠋ᠦᠩᠰᠢᠭᠤᠷ ᠲᠥᠭᠦᠷᠢᠭ ᠬᠦᠷᠴᠦ᠂ ᠶᠠᠭ ᠸᠠᠩ ᠢ ︵ᠬᠠᠩᠵᠧᠦ︶ ᠰᠦᠯᠵᠢᠶᠡᠨ ᠤ ᠬᠢᠵᠠᠭᠠᠷᠲᠤ ᠺᠣᠮᠫᠠᠨᠢ᠂ ᠮᠠ ᠢ ᠪᠦᠯᠦᠭᠯᠡᠯ᠂ ᠪᠡᠭᠡᠵᠢᠩ ᠤᠨ ᠺᠤᠸᠠᠢ ᠢᠦᠢ ᠡᠯᠧᠺᠲᠷᠣᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 30 ᠭᠠᠷᠤᠶ ᠠᠵᠤ ᠠᠬᠤᠶᠢᠯᠠᠯ ᠲᠠᠢ ᠵᠣᠯᠭᠠᠯᠳᠤᠵᠤ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ