ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠰᠠᠶᠢᠵᠢᠷᠠᠭᠤᠯᠬᠤ ᠠᠵᠢᠯ ᠢ ᠤᠯᠠᠮ ᠴᠢᠩᠭᠠᠳᠬᠠᠵᠤ᠂ | ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡᠨ ᠤ ᠵᠠᠮ ᠬᠠᠷᠢᠯᠴᠠᠭᠠᠨ ᠤ ᠠᠳᠡᠯ ᠭᠠᠷᠬᠤ ᠶᠢ ᠪᠠᠭᠠᠰᠬᠠᠬᠤ ᠶᠢᠨ ᠲᠤᠯᠠᠳᠠ᠂ ᠣᠶᠢᠷ᠎ᠠ ᠳᠤ ᠭᠦᠭᠡᠬᠤᠳᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠵᠠᠭᠤᠨ ᠡᠳᠦᠷ ᠤᠨ ᠪᠣᠭᠤᠮᠲᠠ ᠰᠢᠪᠲᠤᠯᠬᠤ︾ | ᠠᠵᠢᠯᠯᠠᠭ᠎ᠠ ᠪᠠ ᠵᠠᠮ ᠬᠠᠷᠢᠯᠴᠠᠭᠠᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠲᠠᠢ ᠤᠶᠠᠯᠳᠤᠭᠤᠯᠤᠨ᠂ ᠪᠦᠭᠦ ᠬᠤᠳᠠ ᠶᠢᠨ ᠬᠡᠪᠴᠢᠶᠡᠨ ᠳᠤ ᠰᠢᠨ᠎ᠡ | ᠨᠢᠭᠡᠨ ᠡᠭᠡᠯᠵᠢ ᠶᠢᠨ ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠵᠡᠢ᠃ | ᠲᠤᠰ ᠤᠳᠠᠭ᠎ᠠ ᠶᠢᠨ ᠠᠵᠢᠯᠯᠠᠭ᠎ᠠ ᠳᠤ ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠤᠨᠤᠵᠦ ᠤᠯᠠᠭᠠᠨ ᠳ᠋ᠧᠩ ᠢ ᠳᠠᠭᠠᠷᠢᠬᠤ᠂ ᠮᠠᠰᠢᠨ ᠲᠡᠷᠭᠡᠨ ᠤ ᠵᠠᠮ | ᠢᠶᠠᠷ ᠳᠠᠪᠬᠢᠭᠤᠯᠬᠤ᠂ ᠰᠥᠷᠴᠦ ᠶᠠᠪᠤᠬᠤ ᠪᠠ ᠠᠮᠤᠷ ᠲᠦᠪᠰᠢᠨ ᠤ ᠳᠤᠭᠤᠯᠠᠭ᠎ᠠ ᠡᠮᠦᠰᠬᠦ ᠦᠭᠡᠢ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠭᠤᠣᠯᠳᠠᠯᠭ᠎ᠠ ᠲᠠᠢ ᠵᠠᠰᠠᠨ ᠴᠡᠭᠴᠡᠯᠡᠵᠡᠢ᠃ ᠠᠵᠢᠯᠯᠠᠭ᠎ᠠ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠪᠦᠭᠦ ᠲᠠᠯ᠎ᠠ ᠪᠠᠷ ᠴᠡᠭᠴᠡᠯᠡᠨ | ᠵᠠᠰᠠᠬᠤ + ᠤᠨᠢᠨ ᠳᠡᠭᠡᠷ᠎ᠡ ᠨᠢ ᠴᠣᠬᠢᠯᠲᠠ ᠥᠭᠬᠦ︾ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠵᠥᠪ ᠤᠨᠤᠪᠴᠢᠳᠠᠢ ᠠᠷᠭ᠎ᠠ ᠬᠡᠮᠵᠢᠶ᠎ᠡ ᠪᠠᠷ | ᠬᠠᠮᠢᠶᠠᠷᠤᠯᠲᠠ ᠶᠢᠨ ᠠᠵᠢᠯᠯᠠᠭ᠎ᠠ ᠶᠢᠨ ᠶᠠᠰᠤ ᠴᠢᠨᠠᠷ ᠪᠠ ᠦᠷ᠎ᠡ ᠪᠦᠳᠦᠮᠵᠢ ᠶᠢ ᠳᠡᠭᠡᠭᠰᠢᠯᠡᠭᠦᠯᠵᠡᠢ᠃ ︽ᠵᠠᠮ ᠤᠨ ᠳᠠᠷᠤᠭ᠎ᠠ ᠶᠢᠨ ᠳᠦᠷᠢᠮ︾ ᠤᠨ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠪᠠᠶᠢᠩᠭᠤᠵᠢᠭᠰᠠᠨ ᠴᠢᠩᠭ᠎ᠠ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠤᠨᠤᠵᠦ | ᠳᠦᠷᠢᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠭᠤᠣᠯᠳᠠᠯᠭ᠎ᠠ ᠲᠠᠢ ᠴᠢᠩᠭᠠᠳᠬᠠᠵᠠᠢ; ᠡᠯ᠎ᠡ ᠶᠡᠭᠡ ᠠᠩᠭᠢ ᠶᠢᠨ ᠬᠢᠨ ᠵᠠᠮ | ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠬᠤᠪᠢᠶᠠᠷᠢ ᠠᠩᠭᠢ ᠪᠠᠶᠢᠭᠤᠯᠤᠨ᠂ ᠡᠷᠲᠡ ᠣᠷᠣᠢ ᠶᠢᠨ ᠵᠠᠮ ᠬᠠᠷᠢᠯᠴᠠᠭᠠᠨ ᠤ ᠤᠷᠭᠢᠯ ᠦᠶ᠎ᠡ ᠳᠤ | ᠭᠤᠣᠯᠳᠠᠯᠭ᠎ᠠ ᠲᠠᠢ ᠴᠠᠭ ᠪᠠ ᠭᠠᠵᠠᠷ ᠬᠤᠪᠢᠶᠠᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠪᠠᠨ ᠴᠢᠩᠭᠠᠳᠬᠠᠪᠠ᠃ ᠣᠶᠢᠷ᠎ᠠ ᠶᠢᠨ ᠬᠤᠭᠤᠴᠠᠭᠠᠨ ᠳᠤ ᠭᠦᠭᠡᠬᠤᠳᠠ | ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠤᠨᠤᠵᠦ ᠵᠠᠮ ᠬᠠᠷᠢᠯᠴᠠᠭᠠᠨ ᠤ ᠲᠤᠭᠢᠶᠠᠨ ᠤ ᠳ᠋ᠧᠩ ᠢ ᠵᠥᠷᠢᠴᠡᠭᠰᠡᠨ 838 ᠤᠳᠠᠭ᠎ᠠ ᠶᠢᠨ ᠠᠵᠢᠯᠯᠠᠭ᠎ᠠ᠂ | 3837 ᠤᠳᠠᠭ᠎ᠠ ᠶᠢᠨ ᠰᠥᠷᠴᠦ ᠶᠠᠪᠤᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡᠨ ᠤ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠬᠦᠴᠦᠲᠡᠢ ᠴᠡᠭᠴᠡᠯᠡᠨ ᠵᠠᠰᠠᠵᠠᠢ᠃ | |