︵ᠰᠤᠷᠪᠤᠯᠵᠢᠯᠠᠭᠴᠢ ᠯᠢᠦᠢ ᠬᠤᠢ ᠱᠧᠩ︶ 12 ᠳ᠋ᠤᠭᠠᠷ ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠠᠴᠠ ᠭᠤᠣᠯᠯᠠᠨ ᠡᠷᠬᠢᠯᠡᠭᠰᠡᠨ᠂ ︽ᠰᠡᠳᠬᠢᠯ ᠨᠢᠭᠡᠳᠦᠨ ᠬᠥᠭᠵᠢᠯᠲᠡ ᠶᠢ ᠡᠷᠢᠯᠬᠢᠯᠡᠵᠦ ᠳᠠᠷᠪᠠᠭᠤᠯ ᠬᠡᠶᠢᠰᠬᠡᠨ ᠰᠢᠨ᠎ᠡ ᠬᠠᠭᠤᠳᠠᠰᠤ ᠶᠢ ᠨᠡᠭᠡᠭᠡᠶ᠎ᠡ︾ | ᠭᠤᠣᠯ ᠰᠡᠳᠦᠪᠲᠦ 2024 ᠣᠨ ᠤ ᠳᠤᠮᠳᠠ ᠵᠢᠵᠢᠭ ᠠᠵᠤ ᠠᠬᠤᠶᠢᠯᠠᠯ ᠤᠨ ᠲᠦᠷᠦᠯ ᠲᠡᠮᠳᠡᠭ ᠤᠨ ᠬᠥᠭᠵᠢᠯᠲᠡ ᠶᠢᠨ ᠶᠡᠭᠡ ᠬᠤᠷᠠᠯ ᠬᠥᠬᠡᠬᠤᠲᠠ ᠳᠤ | ᠶᠠᠪᠤᠭᠳᠠᠪᠠ᠃ ᠨᠡᠶᠢᠲᠡ 300 ᠭᠠᠷᠤᠶ ᠠᠷᠠᠳ ᠤᠨ ᠡᠵᠡᠩᠨᠡᠭᠰᠡᠨ ᠠᠵᠤ ᠠᠬᠤᠶᠢᠯᠠᠯ ᠵᠢᠴᠢ 30 ᠭᠠᠷᠤᠶ ᠬᠤᠳᠠᠯᠳᠤᠭᠠᠨ ᠤ ᠨᠡᠶᠢᠭᠡᠮᠯᠢᠭ ᠤᠨ ᠲᠥᠯᠥᠭᠡᠯᠡᠭᠴᠢ᠂ | 20 ᠨᠡᠷ᠎ᠡ ᠠᠯᠳᠠᠷᠲᠤ ᠠᠵᠤ ᠠᠬᠤᠶᠢᠯᠠᠯᠲᠠᠳ ᠣᠷᠣᠯᠴᠠᠵᠠᠶ᠃ | ᠬᠤᠷᠠᠯ ᠠᠴᠠ ᠡᠵᠡᠩᠨᠡᠨ ᠪᠣᠷᠣᠯᠠᠭᠤᠯᠬᠤ ᠲᠤᠰᠬᠠᠢ ᠮᠡᠷᠭᠡᠵᠢᠯᠲᠡᠨ ᠢ ᠤᠷᠢᠵᠤ ᠨᠠᠷᠠᠲᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ᠂ | ᠵᠦᠷᠢᠶᠡᠴᠢᠯᠡᠭᠰᠡᠨ ᠬᠥᠭᠵᠢᠯᠲᠡ ᠵᠡᠷᠭᠡ ᠲᠤᠰᠬᠠᠢ ᠰᠡᠳᠦᠪᠲᠦ ᠠᠭᠤᠯᠭ᠎ᠠ ᠶᠢᠨ ᠲᠣᠭᠤᠷᠢᠨ ᠳᠤ᠂ ᠣᠷᠣᠨ ᠤ ᠲᠥᠪ ᠤᠨ ᠬᠥᠭᠵᠢᠯᠲᠡ ᠶᠢᠨ ᠪᠣᠳᠠᠲᠤ ᠪᠠᠶᠢᠳᠠᠯ᠂ | ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠤᠨᠤᠯ ᠤᠨ ᠬᠠᠨᠳᠤᠰᠢ ᠲᠠᠢ ᠤᠶᠠᠯᠳᠤᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠨᠠᠷᠠᠲᠤ | ᠲᠡᠮᠳᠡᠭ ᠤᠨ ᠪᠠᠶᠢᠭᠤᠯᠤᠯᠲᠠ ᠶᠢᠨ ᠪᠦᠲᠦᠮᠵᠢᠲᠡᠢ ᠠᠷᠭ᠎ᠠ ᠵᠠᠮ ᠢ ᠭᠦᠨᠵᠡᠭᠡᠢ ᠵᠠᠳᠠᠯᠵᠤ᠂ ᠣᠷᠣᠨ ᠤ ᠲᠥᠪ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢ ᠬᠠᠪᠰᠤᠷᠤᠨ ᠨᠠᠷᠠᠲᠤ ᠲᠡᠮᠳᠡᠭ ᠤᠨ ᠤᠬᠠᠮᠰᠠᠷ ᠢ ᠪᠤᠢ ᠪᠣᠯᠭᠠᠵᠤ᠂ ᠨᠡᠩ ᠤᠯᠠᠨ ᠠᠵᠤ ᠠᠬᠤᠶᠢᠯᠠᠯᠲᠠᠨ ᠳᠤ ᠨᠠᠷᠠᠲᠤ ᠲᠡᠮᠳᠡᠭ ᠢ ᠣᠶᠢᠯᠠᠭᠠᠭᠤᠯᠵᠤ᠂ | ᠨᠠᠷᠠᠲᠤ ᠲᠡᠮᠳᠡᠭ ᠢ ᠴᠢᠬᠤᠯᠠᠴᠢᠯᠠᠨ᠂ ᠨᠠᠷᠠᠲᠤ ᠲᠡᠮᠳᠡᠭ ᠤᠨ ᠦᠢᠯᠡᠳᠦᠯ ᠢᠶᠠᠷ ᠠᠵᠤ ᠠᠬᠤᠶᠢᠯᠠᠯ ᠤᠨ ᠬᠥᠭᠵᠢᠯᠲᠡ ᠪᠣᠯᠤᠨ ᠦᠰᠦᠨ ᠪᠤᠶᠢᠵᠢᠯᠲᠠ ᠶᠢ | ᠳᠠᠶᠢᠴᠢᠯᠠᠭᠤᠯᠬᠤ ᠪᠠᠷ ᠵᠣᠷᠢᠯᠭ᠎ᠠ ᠪᠣᠯᠭᠠᠵᠠᠢ᠃ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠪᠠᠷ ᠳᠠᠮᠵᠢᠨ᠂ ᠥᠷᠭᠡᠨ ᠣᠯᠠᠨ ᠠᠵᠤ ᠠᠬᠤᠶᠢᠯᠠᠯᠲᠠᠨ ᠤ | ᠵᠣᠷᠢᠭᠲᠠᠶ ᠪᠠᠷ ᠲᠦᠷᠦᠭᠦᠯᠡᠬᠦ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠵᠣᠷᠢᠭᠲᠠᠶ ᠪᠠᠷ ᠬᠢᠵᠦ ᠲᠤᠷᠰᠢᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠪᠦᠯᠬᠦᠮᠳᠡᠨ ᠨᠢᠭᠲᠠᠷᠠᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠨ᠂ ᠪᠡᠷᠬᠡ ᠶᠢ ᠬᠠᠮᠲᠤ ᠪᠠᠷ ᠲᠤᠭᠤᠯᠵᠤ᠂ ᠬᠠᠮᠲᠤ ᠪᠠᠷ ᠬᠥᠭᠵᠢᠬᠦ ᠶᠢ | ᠵᠤᠷᠢᠭᠵᠢᠭᠤᠯᠪᠠ᠃ | ᠬᠤᠷᠠᠯ ᠳᠡᠭᠡᠷ᠎ᠡ᠂ ︽ᠬᠥᠬᠡᠬᠤᠲᠠ ᠶᠢᠨ ᠠᠵᠤ ᠠᠬᠤᠶᠢᠯᠠᠯ ᠤᠨ ᠬᠤᠯᠪᠣᠭᠠᠲᠤ ᠨᠠᠷᠠᠲᠤ ᠲᠡᠮᠳᠡᠭ ᠤᠨ ᠥᠷᠲᠡᠭ ᠤᠨ ᠦᠢᠯᠡᠴᠢᠯᠡᠭᠡᠨ ᠤ ᠬᠤᠯᠪᠣᠭ᠎ᠠ︾ ᠶᠢ | ᠪᠠᠶᠢᠭᠤᠯᠵᠤ᠂ ᠲᠣᠰ ᠬᠤᠯᠪᠣᠭ᠎ᠠ ᠨᠢ ᠠᠵᠢᠯ ᠲᠥᠷᠥᠯ ᠤᠨ ᠳᠣᠲᠣᠷᠠᠬᠢ ᠣᠷᠦ᠋ᠢᠯᠠᠭᠰᠠᠨ ᠨᠠᠷᠠᠲᠤ ᠲᠡᠮᠳᠡᠭ ᠢ ᠲᠥᠰᠦᠪᠯᠡᠬᠦ ᠪᠠ ᠤᠯᠠᠮᠵᠢᠯᠠᠨ ᠲᠠᠷᠬᠠᠭᠠᠬᠤ | ᠬᠦᠴᠦᠨ ᠢ ᠬᠤᠷᠠᠮᠳᠤᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠨᠠᠷᠠᠲᠤ ᠲᠡᠮᠳᠡᠭ ᠤᠨ ᠵᠦᠷᠢᠶᠡᠴᠢᠯᠡᠭᠰᠡᠨ ᠬᠥᠭᠵᠢᠯᠲᠡ ᠳᠤ ᠪᠥᠬᠦ ᠶᠠᠪᠤᠴᠠ᠂ ᠪᠥᠬᠦ | ᠦᠶᠡᠯᠡᠯ ᠤᠨ ᠲᠤᠰᠬᠠᠢ ᠵᠠᠬᠢᠶᠠᠯᠠᠭ᠎ᠠ ᠵᠢᠨᠰᠢᠢᠳᠪᠦᠷᠢᠯᠡᠬᠦ ᠲᠥᠰᠦᠯ ᠬᠠᠩᠭᠠᠵᠤ᠂ ᠨᠠᠷᠠᠲᠤ ᠲᠡᠮᠳᠡᠭ ᠤᠨ ᠲᠦᠷᠭᠡᠨ ᠪᠤᠶᠢᠵᠢᠬᠤ ᠳᠤ ᠬᠦᠴᠦᠨ ᠨᠡᠮᠡᠷᠢᠯᠡᠪᠡ᠃ | ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠰᠠᠶᠢᠲᠤᠷ | ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠡᠬᠢ ᠪᠠᠶᠠᠯᠢᠭ ᠢ ᠬᠤᠷᠠᠮᠳᠤᠭᠤᠯᠤᠨ ︽ᠨᠢᠭᠡ ᠨᠡᠶᠢᠭᠡᠮᠯᠢᠭ ᠨᠢᠭᠡ ᠨᠠᠷᠠᠲᠤ ᠲᠡᠮᠳᠡᠭ︾ ᠢ ᠴᠣᠭᠴᠠᠯᠠᠵᠤ᠂ ᠣᠷᠣᠨ ᠤ | ᠲᠥᠪ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠪᠥᠭᠡᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ |