ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠳᠥᠷᠪᠡᠳᠦᠭᠡᠷ | ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠣᠳᠣᠬᠠᠨ ᠪᠤᠯᠳᠠᠯ᠎ᠠ 895 ᠲᠡᠦᠬᠡ ᠶᠢᠨ ᠳᠤᠷᠠᠰᠬᠠᠯᠲᠤ ᠵᠦᠢᠯ ᠢ ᠰᠢᠨ᠎ᠡ ᠪᠠᠷ ᠢᠯᠡᠷᠡᠭᠦᠯᠵᠦ᠂ ᠭᠤᠷᠪᠠᠳᠤᠭᠠᠷ ᠤᠳᠠᠭ᠎ᠠ ᠶᠢᠨ ᠨᠡᠶᠢᠳᠡᠮ | ᠪᠠᠶᠢᠴᠠᠭᠠᠯᠲᠠ ᠶᠢᠨ ᠦᠶ᠎ᠡ ᠶᠢᠨ 17030 ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠨᠣᠷᠮ᠎ᠠ | 80.7% ᠳᠤ ᠬᠦᠷᠴᠡᠢ᠃ | ᠣᠶᠢᠯᠠᠭᠠᠭᠰᠠᠨ ᠢᠶᠠᠷ᠂ ᠪᠦᠭᠦ ᠣᠷᠣᠨ ᠠᠴᠠ 53 ᠬᠤᠰᠢᠭᠤ ᠰᠢᠶᠠᠨ ᠲᠣᠭᠤᠷᠢᠭ ᠨᠢᠭᠡᠨᠲᠡ ᠭᠤᠷᠪᠠᠳᠤᠭᠠᠷ ᠤᠳᠠᠭ᠎ᠠ ᠶᠢᠨ ᠨᠡᠶᠢᠳᠡᠮ ᠪᠠᠶᠢᠴᠠᠭᠠᠯᠲᠠ ᠶᠢᠨ | ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠪᠦᠭᠦᠨ ᠢ ᠬᠢᠨᠠᠨ ᠬᠠᠷᠭᠤᠭᠤᠯᠵᠤ᠂ ᠢᠯᠡᠳᠲᠡ ᠦᠷ᠎ᠡ ᠪᠦᠲᠦᠭᠡᠯ ᠣᠯᠵᠤ᠂ ᠲᠤᠬᠠᠢ ᠶᠢᠨ | ᠭᠠᠵᠠᠷ ᠤᠨ ᠪᠠᠶᠢᠴᠠᠭᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠭᠡᠪᠡᠴᠦ ᠠᠵᠢᠯ ᠤᠨ ᠳᠤᠮᠳᠠ ᠪᠠᠰᠠ ᠰᠣᠶᠣᠯ ᠤᠨ ᠥᠪ ᠬᠥᠷᠥᠩᠭᠡ ᠶᠢᠨ | ᠬᠠᠮᠠᠭᠠᠯᠠᠯᠲᠠ ᠲᠡᠩᠴᠡᠭᠦᠷᠢ ᠦᠭᠡᠢ ᠭᠦᠢᠴᠡᠳ ᠦᠭᠡᠢ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠬᠦᠷᠦᠯᠴᠡᠬᠦ ᠦᠭᠡᠢ᠂ | ᠠᠮᠢᠳᠤᠯᠢᠭ ᠠᠰᠢᠭᠯᠠᠬᠤ ᠲᠠᠯ᠎ᠠ ᠪᠠᠷ ᠳᠤᠲᠠᠮᠠᠭ᠂ ᠲᠤᠰᠬᠠᠢ ᠮᠡᠷᠭᠡᠵᠢᠯ ᠤᠨ ᠬᠦᠴᠦᠨ ᠪᠠᠭᠤᠷᠠᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠤᠢ᠃ ᠡᠭᠦᠨ ᠳᠤ | ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠴᠢᠩᠳᠠᠯᠠᠵᠤ᠂ ᠬᠥᠮᠥᠨ ᠤ ᠬᠦᠴᠦ ᠪᠣᠳᠠᠰ ᠤᠨ | ᠬᠦᠴᠦ ᠡᠳ᠋ ᠤᠨ ᠬᠦᠴᠦ ᠪᠠᠨ ᠲᠥᠪᠯᠡᠷᠡᠭᠦᠯᠦᠨ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠬᠤᠶᠠᠳᠤᠭᠠᠷ ᠱᠠᠲᠤᠨ ᠤ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | 2025 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢ ᠪᠡᠶᠡᠯᠡᠭᠦᠯᠬᠦ ᠶᠢ ᠱᠠᠭᠠᠷᠳᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠦᠨᠡᠨ ᠪᠣᠳᠠᠲᠠᠢ᠂ ᠣᠨᠣᠪᠴᠢᠲᠠᠶ᠂ ᠨᠠᠶᠢᠳᠠᠪᠤᠷᠢᠲᠠᠢ ᠪᠠᠶᠢᠬᠤ ᠶᠢ ᠦᠨᠡᠨ | ᠬᠦ ᠪᠠᠲᠤᠯᠠᠨ᠂ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠤᠨ ᠳᠠᠶᠢᠴᠢᠯᠠᠬᠤ ᠪᠠᠨ ᠴᠢᠩᠭᠠᠳᠬᠠᠵᠤ᠂ ᠲᠤᠬᠠᠢ ᠶᠢᠨ ᠭᠠᠵᠠᠷ ᠤᠨ | ᠪᠠᠶᠢᠴᠠᠭᠠᠯᠲᠠ ᠶᠢᠨ ᠠᠵᠢᠯ ᠤᠨ ᠰᠢᠨ᠎ᠡ ᠢᠯᠡᠷᠡᠭᠦᠯᠦᠯᠲᠡ᠂ ᠰᠢᠨ᠎ᠡ ᠦᠷ᠎ᠡ ᠪᠦᠲᠦᠭᠡᠯ ᠢ ᠴᠠᠭ ᠲᠤᠬᠠᠢ ᠳᠤᠨᠢ ᠮᠡᠳᠡᠭᠡᠯᠡᠵᠦ᠂ ᠨᠡᠶᠢᠳᠡᠮ ᠪᠠᠶᠢᠴᠠᠭᠠᠯᠲᠠ ᠶᠢᠨ ᠰᠠᠶᠢᠨ | ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠶ ᠪᠤᠯᠭᠠᠬᠤ ᠶᠢ ᠱᠠᠭᠠᠷᠳᠠᠭᠰᠠᠨ ᠪᠠᠶᠢᠨ᠎ᠠ᠃ | | | |