ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠰᠢᠯᠢ ᠶᠢᠨ ᠭᠤᠣᠯ ᠤᠨ ᠮᠢᠩᠭᠠᠨ ᠭᠠᠵᠠᠷ | ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ᠂ ᠭᠦᠭᠡᠬᠤᠲᠠ - ᠤᠯᠠᠭᠠᠨᠬᠤᠲᠠ ᠶᠢᠨ ᠬᠤᠪᠢᠰᠬᠠᠯ ᠤᠨ ᠵᠢᠭᠤᠯᠴᠢᠯᠠᠯ ᠤᠨ ᠠᠶᠠᠯᠠᠯ ᠤᠨ ᠱᠤᠭᠤᠮ | ᠲᠣᠰᠪᠤᠷᠢ ᠪᠦᠭᠦ ᠤᠯᠤᠰ ᠤᠨ ᠬᠤᠶᠠᠳᠤᠭᠠᠷ ᠪᠦᠯᠦᠭ ᠤᠨ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ | ᠨᠡᠶᠢᠲᠡᠯᠢᠭ ᠵᠢᠱᠢᠶ᠎ᠡ ᠶᠢᠨ ᠭᠤᠣᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ ᠪᠣᠯᠣᠨ ᠠᠭᠠᠷ ᠤᠨ ᠠᠶᠠᠯᠠᠯ ᠤᠨ ᠵᠢᠭᠤᠯᠴᠢᠯᠠᠯ ᠤᠨ ᠦᠢᠯᠡᠳᠬᠦᠨ ᠤ | ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ | ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠪᠣᠯ ᠭᠤᠣᠯ ᠱᠤᠭᠤᠮ ᠤᠨ ᠵᠢᠭᠤᠯᠴᠢᠯᠠᠯ ᠤᠨ ᠵᠠᠰᠠᠮᠠᠯ | ᠵᠠᠮ ᠳᠤ ᠲᠦᠰᠢᠭᠯᠡᠨ ᠪᠠᠶᠢᠭᠤᠯᠤᠭᠰᠠᠨ ᠵᠢᠭᠤᠯᠴᠢᠯᠠᠯ ᠤᠨ ᠦᠵᠡᠮᠵᠢ ᠶᠢᠨ ᠶᠡᠭᠡ ᠵᠠᠮ ᠪᠣᠯᠣᠨ᠎ᠠ᠂ ᠭᠤᠣᠯ ᠱᠤᠭᠤᠮ ᠳᠤᠨᠢ ᠬᠠᠶᠢᠯᠠᠷ - ᠴᠢᠭᠤᠯᠤᠯᠲᠤ ᠬᠠᠭᠠᠯᠭ᠎ᠠ | ᠬᠦᠷᠬᠦ ᠲᠦᠷᠭᠡᠨ ᠤ ᠵᠠᠰᠠᠮᠠᠯ ᠵᠠᠮ ᠤᠨ G1013 ᠰᠢᠯᠢ ᠶᠢᠨ ᠭᠤᠣᠯ ᠤᠨ ᠬᠡᠰᠡᠭ᠂ G207 ᠲᠠᠶᠢᠪᠤᠰᠧ ᠬᠤᠰᠢᠭᠤ - ᠰᠢᠯᠤᠭᠤᠨ ᠬᠥᠬᠡ ᠬᠤᠰᠢᠭᠤ - | ᠪᠠᠷᠠᠭᠤᠨ ᠦᠵᠦᠮᠦᠴᠢᠨ ᠬᠤᠰᠢᠭᠤᠨ ᠤ ᠬᠡᠰᠡᠭ᠂ G510 ᠳᠣᠯᠣᠨ ᠨᠤᠤᠷ ᠰᠢᠶᠠᠨ ᠤ ᠬᠡᠰᠡᠭ᠂ S206 ᠪᠠᠷᠠᠭᠤᠨ ᠦᠵᠦᠮᠦᠴᠢᠨ ᠬᠤᠰᠢᠭᠤ - ᠵᠡᠭᠦᠨ | ᠦᠵᠦᠮᠦᠴᠢᠨ ᠬᠤᠰᠢᠭᠤ - ᠤᠯᠠᠭᠠᠢ ᠬᠠᠮᠢᠶᠠᠷᠤᠯᠲᠠ ᠶᠢᠨ ᠣᠷᠣᠨ ᠤ ᠬᠡᠰᠡᠭ ᠪᠠᠭᠲᠠᠵᠤ᠂ ᠨᠡᠶᠢᠲᠡ 672 ᠺᠢᠯᠣᠮᠧᠲᠷ ᠤᠷᠳᠤ ᠪᠠᠶᠢᠳᠠᠭ᠃ ᠲᠡᠷᠡ ᠨᠢ ᠰᠢᠯᠢ ᠶᠢᠨ | ᠭᠤᠣᠯ ᠠᠶᠢᠮᠠᠭ ᠤᠨ 7 ᠬᠤᠰᠢᠭᠤ ᠰᠢᠶᠠᠨ ᠬᠤᠲᠠ ︵ᠲᠣᠭᠤᠷᠢᠭ︶ ᠳᠤ ᠨᠡᠪᠲᠡᠷᠡᠵᠤ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠲᠤᠯᠤᠨ ᠨᠤᠤᠷ᠂ | ᠰᠢᠯᠢᠩᠬᠤᠲᠠ ᠶᠢᠨ ᠠᠳᠤᠭᠤᠨ ᠰᠣᠶᠣᠯ ᠤᠨ ᠲᠥᠪ ᠤᠨ ᠭᠤᠣᠯ ᠲᠣᠭᠤᠷᠢᠭ ᠤᠨ ᠰᠣᠶᠣᠯ ᠠᠮᠢ ᠠᠬᠤᠢ ᠶᠢᠨ ᠵᠢᠭᠤᠯᠴᠢᠯᠠᠯ ᠤᠨ ᠣᠷᠣᠨ᠂ ᠤᠯᠠᠭᠠᠨ ᠤᠲᠠᠢ᠂ | ᠤᠯᠠᠭᠠᠢ ᠭᠤᠣᠯ ᠵᠡᠷᠭᠡ 43 ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠵᠤ᠂ ᠪᠦᠭᠦ ᠣᠷᠣᠨ ᠴᠢᠨᠠᠭᠰᠢᠯᠠᠪᠠᠯ ᠪᠦᠭᠦ ᠤᠯᠤᠰ ᠤᠨ ᠬᠡᠪᠴᠢᠶᠡᠨ ᠳᠠᠬᠢ | ᠲᠠᠯ᠎ᠠ ᠨᠤᠲᠤᠭ ᠤᠨ ᠵᠢᠭᠤᠯᠴᠢᠯᠠᠯ ᠢᠶᠠᠷ ᠭᠤᠣᠯ ᠰᠡᠳᠦᠪ ᠪᠤᠯᠭᠠᠬᠰᠠᠨ ᠬᠠᠮᠤᠭ ᠤᠨ ᠤᠷᠲᠤ ᠵᠠᠮ ᠱᠤᠭᠤᠮ ᠤᠨ ᠦᠢᠯᠡᠳᠬᠦᠨ ᠪᠣᠯᠣᠨ᠎ᠠ᠃ | ᠭᠦᠭᠡᠬᠤᠲᠠ - ᠤᠯᠠᠭᠠᠨᠬᠤᠲᠠ ᠶᠢᠨ ᠬᠤᠪᠢᠰᠬᠠᠯ ᠤᠨ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ 2019 ᠣᠨ ᠤ 7 ᠰᠠᠷ᠎ᠠ ᠶᠢᠨ 26 ᠤ | ᠡᠳᠦᠷ ᠨᠡᠪᠲᠡᠷᠡᠵᠦ᠂ ᠲᠢᠶᠠᠨ ᠵᠢᠶᠣᠣ ᠠᠭᠠᠷ ᠤᠨ ᠠᠶᠠᠯᠠᠯ ᠤᠨ ᠺᠤᠮᠫᠠᠨᠢ ᠶᠢᠨ ᠨᠡᠪᠲᠡᠷᠡᠭᠦᠯᠦᠭᠰᠡᠨ ᠠᠩᠬᠠᠳᠠᠭᠴᠢ ᠠᠭᠠᠷ ᠤᠨ ᠠᠶᠠᠯᠠᠯ ᠤᠨ ᠱᠤᠭᠤᠮ ᠪᠤᠯᠬᠤ | ᠪᠥᠭᠡᠳ ᠠᠩᠬᠠᠳᠠᠭᠴᠢ ᠬᠤᠪᠢᠰᠬᠠᠯ ᠤᠨ ᠠᠶᠠᠯᠠᠯ ᠤᠨ ᠱᠤᠭᠤᠮ ᠪᠣᠯᠣᠨ᠎ᠠ᠂ 2021 ᠣᠨ ᠤ 4 ᠰᠠᠷ᠎ᠠ ᠳᠤ ᠲᠢᠶᠠᠨ ᠵᠢᠶᠣᠣ ᠠᠭᠠᠷ ᠤᠨ ᠠᠶᠠᠯᠠᠯ ᠤᠨ ᠺᠤᠮᠫᠠᠨᠢ | ᠪᠣᠯᠣᠨ ᠬᠢᠩᠭᠠᠨ ᠠᠶᠢᠮᠠᠭ ᠭᠦᠨᠵᠡᠭᠡᠢ ᠬᠠᠮᠲᠤᠷᠠᠯᠴᠠᠵᠤ᠂ ᠬᠤᠪᠢᠰᠬᠠᠯ ᠤᠨ ᠰᠤᠳᠤᠯᠤᠨ ᠰᠤᠷᠤᠯᠴᠠᠬᠤ ᠲᠦᠷᠦᠯ ᠵᠦᠢᠯ ᠢ ᠭᠠᠷᠭᠠᠪᠠ᠃ ᠲᠣᠰ ᠲᠥᠷᠥᠯ ᠵᠦᠢᠯ ᠨᠢ | ᠲᠢᠶᠠᠨ ᠵᠢᠶᠣᠣ ᠠᠭᠠᠷ ᠤᠨ ᠠᠶᠠᠯᠠᠯ ᠤᠨ ︽ᠬᠢᠩᠭᠠᠨ ᠨᠡᠷᠡᠮᠵᠢᠲᠦ︾ ᠬᠤᠪᠢᠰᠬᠠᠯ ᠤᠨ ᠭᠤᠣᠯ ᠰᠡᠳᠦᠪᠲᠦ ᠨᠡᠷ᠎ᠡ ᠬᠠᠲᠠᠭᠰᠠᠨ ᠨᠢᠰᠬᠡᠯ ᠢᠶᠠᠷ ᠭᠠᠷᠳᠠᠴᠠ ᠪᠣᠯᠭᠠᠨ᠂ | ᠭᠦᠭᠡᠬᠤᠲᠠ - ᠤᠯᠠᠭᠠᠨᠬᠤᠲᠠ ᠶᠢᠨ ᠬᠤᠪᠢᠰᠬᠠᠯ ᠤᠨ ᠵᠢᠭᠤᠯᠴᠢᠯᠠᠯ ᠤᠨ ᠰᠣᠳᠣᠨ ᠠᠶᠠᠯᠠᠯ ᠤᠨ ᠱᠤᠭᠤᠮ ᠢᠶᠠᠷ ᠲᠦᠰᠢᠭ ᠪᠤᠯᠭᠠᠵᠤ᠂ ᠬᠤᠪᠢᠰᠬᠠᠯ ᠤᠨ | ᠵᠢᠭᠤᠯᠴᠢᠯᠠᠯ ᠤᠨ ᠰᠢᠷᠢᠰ ᠠᠵᠢᠯᠯᠠᠭ᠎ᠠ ᠪᠠᠷ ᠳᠠᠮᠵᠢᠨ︽ᠬᠢᠩᠭᠠᠨ ᠨᠡᠷᠡᠮᠵᠢᠲᠦ︾ᠤᠬᠠᠭᠤᠯᠭ᠎ᠠ ᠶᠢᠨ ᠲᠠᠪᠴᠠᠩ ᠢ ᠪᠠᠶᠢᠭᠤᠯᠪᠠ᠃ ᠪᠠᠰᠠ ᠬᠤᠪᠢᠰᠬᠠᠯ ᠤᠨ | ᠰᠤᠳᠤᠯᠤᠯ ᠤᠨ ᠬᠢᠴᠢᠶᠡᠯ ᠵᠢᠴᠢ ᠬᠤᠪᠢᠰᠬᠠᠯ ᠤᠨ ᠵᠢᠭᠤᠯᠴᠢᠯᠠᠯ ᠤᠨ ᠳᠡᠯᠭᠡᠷᠡᠭᠦᠯᠦᠯᠲᠡ ᠵᠡᠷᠭᠡ ᠠᠷᠭ᠎ᠠ ᠭᠡᠯᠪᠡᠷᠢ ᠪᠠᠷ ᠲᠠᠮᠵᠢᠨ ᠬᠢᠩᠭᠠᠨ ᠠᠶᠢᠮᠠᠭ ᠢ ᠪᠦᠭᠦ | ᠤᠯᠤᠰ ᠲᠤ ᠬᠠᠨᠳᠤᠭᠤᠯᠤᠭᠰᠠᠨ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠨᠠᠷᠠᠳᠤ ᠰᠠᠭᠤᠷᠢᠨ ᠪᠣᠯᠭᠠᠨ ᠪᠦᠲᠦᠭᠡᠨ ᠪᠠᠶᠢᠭᠤᠯᠬᠤ ᠳᠤ ᠬᠦᠴᠦᠨ | ᠨᠡᠮᠡᠷᠢᠯᠡᠵᠦ᠂ ᠬᠤᠪᠢᠰᠬᠠᠯ ᠤᠨ ᠬᠥᠮᠦᠵᠢᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠢᠶᠠᠷ ᠬᠢᠩᠭᠠᠨ ᠠᠶᠢᠮᠠᠭ ᠤᠨ ᠵᠢᠭᠤᠯᠴᠢᠯᠠᠯ ᠤᠨ ᠰᠣᠶᠣᠯ ᠤᠨ | ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠪᠠ᠃ | | | |