ᠲᠦᠷᠦᠭᠦᠬᠡᠨ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠪᠠ ᠬᠤᠶᠠᠷ ᠢ | ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠨ᠎ᠡ | ᠬᠤᠲᠠ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠬᠤᠶᠠᠷ ᠢ ᠬᠦᠷᠢᠶᠡᠯᠡᠬᠦ | ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ ᠴᠡᠷᠢᠭ ᠠᠷᠠᠳ ᠬᠠᠮᠲᠤ ᠪᠠᠷ ᠪᠣᠯᠣᠳ ᠬᠡᠷᠡᠮ ᠢ ᠴᠣᠭᠴᠠᠯᠠᠶ᠎ᠠ︾ ᠭᠡᠬᠦ ᠰᠡᠳᠦᠪᠲᠦ ᠬᠤᠶᠠᠷ ᠢ ᠬᠦᠷᠢᠶᠡᠯᠡᠬᠦ | ᠵᠢᠴᠢ ᠴᠡᠷᠢᠭ ᠤᠨ ᠬᠠᠷᠢᠶ᠎ᠠ ᠦᠭᠡᠢ ᠠᠵᠢᠯᠲᠠᠨ ᠠᠵᠢᠯᠴᠢᠨ ᠤ ᠤᠷᠠᠨ ᠰᠠᠶᠢᠬᠠᠨ ᠤ ᠲᠣᠬᠯᠠᠯᠲᠠ ᠥᠪᠥᠷ ᠮᠣᠩᠭᠤᠯ ᠤᠨ ᠤᠯᠠᠭᠠᠨ ᠲᠢᠶᠠᠲᠷ ᠲᠤ ᠶᠠᠪᠤᠭᠳᠠᠪᠠ᠃ | ᠪᠦᠭᠦᠶᠢᠯᠡ ᠤᠷᠠᠨ ᠰᠠᠶᠢᠬᠠᠨ ᠤ ᠲᠣᠬᠯᠠᠯᠲᠠ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠡᠯᠪᠡᠷᠢ ᠨᠢ ᠰᠢᠨ᠎ᠡ ᠪᠥᠭᠡᠳ ᠤᠯᠠᠨ | ᠶᠠᠩᠵᠤ ᠶᠢᠨ ᠪᠠᠶᠢᠵᠤ᠂ ᠴᠡᠷᠢᠭ ᠠᠷᠠᠳ ᠨᠢᠭᠡ ᠲᠠᠩᠬᠢᠮ ᠳᠤ ᠴᠤᠭᠯᠠᠷᠠᠵᠤ᠂ ᠳᠠᠭᠤᠯᠠᠨ ᠪᠥᠵᠢᠭᠯᠡᠬᠦ ᠭᠡᠯᠪᠡᠷᠢ ᠪᠠᠷ ᠴᠡᠷᠢᠭ ᠠᠷᠠᠳ ᠤᠨ ᠵᠢᠭᠠᠰᠤ ᠤᠰᠤᠨ ᠤ ᠭᠦᠨ | ᠵᠤᠵᠠᠭᠠᠨ ᠬᠠᠶᠢᠷ᠎ᠠ ᠰᠡᠳᠬᠢᠯᠭᠡ ᠶᠢ ᠬᠦᠦᠷᠨᠢᠵᠦ᠂ ᠴᠡᠷᠢᠭ ᠠᠷᠠᠳ ᠤᠨ ᠪᠦᠯᠬᠦᠮᠳᠡᠯ᠂ ᠡᠶ᠎ᠡ ᠵᠣᠬᠢᠴᠠᠯ ᠢ ᠬᠠᠮᠲᠤ ᠪᠠᠷ ᠪᠠᠶᠢᠭᠤᠯᠬᠤ ᠰᠡᠳᠬᠢᠯ ᠬᠥᠳᠡᠯᠭᠡᠮ᠎ᠡ | ᠬᠠᠭᠤᠳᠠᠰᠤ ᠶᠢ ᠪᠢᠴᠢᠭᠯᠡᠪᠡ᠃ ᠡᠭᠦᠨ ᠠᠴᠠ ᠭᠠᠳᠠᠨ᠎ᠠ ᠲᠣᠬᠯᠠᠯᠲᠠ ᠳᠤ ᠪᠠᠰᠠ ᠭᠦᠭᠡᠬᠤᠲᠠ ᠶᠢᠨ ᠨᠢᠭᠡ ᠪᠦᠯᠦᠭ ᠬᠤᠶᠠᠷ ᠢ ᠬᠦᠷᠢᠶᠡᠯᠡᠬᠦ ᠠᠵᠢᠯ ᠳᠤ | ᠢᠳᠡᠪᠬᠢᠲᠡᠢ ᠣᠷᠣᠯᠴᠠᠬᠰᠠᠨ ᠨᠢᠭᠡᠴᠢ ᠶᠢ ᠬᠥᠬᠢᠭᠦᠯᠦᠨ ᠰᠠᠶᠢᠰᠢᠶᠠᠭᠰᠠᠨ ᠪᠥᠭᠡᠳ ᠲᠠᠯᠠᠷᠬᠠᠯ ᠳᠡᠪᠰᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠤᠶᠠᠷ ᠢ ᠬᠦᠷᠢᠶᠡᠯᠡᠬᠦ ᠦᠢᠯᠡᠰ ᠢ ᠬᠠᠯᠠᠮᠵᠢᠯᠠᠨ ᠳᠡᠮᠵᠢᠬᠦ ᠶᠢ ᠵᠣᠷᠢᠭᠵᠢᠭᠤᠯᠪᠠ᠃ | ︽ᠲᠣᠬᠯᠠᠯᠲᠠ ᠶᠢᠨ ᠠᠭᠤᠯᠭ᠎ᠠ ᠨᠢ ᠤᠯᠤᠰ ᠢᠶᠠᠨ ᠬᠠᠶᠢᠷᠠᠯᠠᠬᠤ ᠦᠵᠡᠯ ᠪᠠ ᠴᠡᠷᠢᠭ ᠠᠷᠠᠳ ᠤᠨ ᠪᠦᠯᠬᠦᠮᠳᠡᠯ ᠤᠨ ᠭᠤᠣᠯ ᠰᠡᠳᠦᠪ ᠢ ᠴᠢᠩᠭ᠎ᠠ | ᠡᠵᠡᠮᠳᠡᠵᠦ᠂ ᠤᠷᠠᠯᠢᠭ ᠤᠨ ᠭᠡᠯᠪᠡᠷᠢ ᠪᠠᠷ ᠬᠤᠶᠠᠷ ᠢ ᠬᠦᠷᠢᠶᠡᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠢᠯᠡᠷᠡᠭᠦᠯᠪᠡ᠂ ᠡᠨᠡ ᠨᠢ ᠤᠷᠠᠨ ᠰᠠᠶᠢᠬᠠᠨ ᠤ | ᠲᠣᠬᠯᠠᠯᠲᠠ ᠪᠤᠯᠬᠤ ᠪᠠᠷ ᠪᠠᠷᠠᠬᠤ ᠦᠭᠡᠢ ᠨᠡᠩ ᠴᠤ ᠠᠮᠢᠳᠤᠯᠢᠭ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠢᠴᠢᠶᠡᠯ ᠪᠣᠯᠣᠨ᠎ᠠ︾ ᠭᠡᠵᠦ | ᠴᠡᠷᠢᠭ ᠤᠨ ᠠᠯᠪᠠ ᠠᠴᠠ ᠬᠠᠯᠠᠭᠳᠠᠭᠰᠠᠳ ᠲᠥᠯᠥᠭᠡᠯᠡᠭᠴᠢ ᠬᠠᠨ ᠹᠧᠢ ᠰᠡᠳᠬᠢᠯ ᠳᠣᠭᠳᠣᠯᠤᠨ ᠬᠡᠯᠡᠪᠡ᠃ | ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠬᠤᠶᠠᠷ ᠢ ᠬᠦᠷᠢᠶᠡᠯᠡᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ | ᠪᠥᠭᠡᠳ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠲᠣᠭᠤᠷᠢᠭ ᠢᠶᠠᠷ ︽ᠶᠢᠰᠦᠨ ᠵᠢᠯ ᠳᠠᠷᠠᠭᠠᠯᠠᠨ ᠮᠠᠩᠯᠠᠶᠢᠯᠠᠵᠠᠢ︾᠃ ᠦᠢᠯᠡᠴᠢᠯᠡᠭᠡᠨ ᠤ | ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ᠂ ᠰᠢᠨ᠎ᠡ ᠬᠤᠲᠠ ᠲᠣᠭᠤᠷᠢᠭ ᠨᠢ ᠨᠡᠶᠢᠭᠡᠮᠴᠢᠯᠡᠭᠰᠡᠨ ᠴᠡᠷᠢᠭ ᠢᠶᠠᠨ ᠬᠦᠷᠢᠶᠡᠯᠡᠬᠦ ᠠᠷᠭ᠎ᠠ ᠵᠠᠮ ᠢ | ᠲᠠᠰᠤᠷᠠᠯᠲᠠ ᠦᠭᠡᠢ ᠥᠷᠭᠡᠳᠬᠡᠪᠡ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ᠂ ᠰᠢᠨ᠎ᠡ ᠬᠤᠲᠠ ᠲᠣᠭᠤᠷᠢᠭ ᠨᠢ ᠴᠡᠷᠢᠭ | ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ ᠶᠠᠪᠤᠳᠠᠯ ᠭᠦᠢᠴᠡᠳᠬᠡᠬᠦ ︽ᠬᠤᠣᠰ ᠨᠠᠷᠢᠨ ᠳᠠᠩᠰᠠ︾ ᠶᠢᠨ ᠳᠦᠷᠢᠮ ᠢ ᠨᠠᠶᠢᠳᠠᠪᠤᠷᠢᠵᠢᠭᠤᠯᠬᠤ᠂ ᠴᠡᠷᠢᠭ | ᠠᠩᠭᠢ ᠶᠢᠨ ᠬᠤᠸᠠᠷᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠠᠭᠤᠭ᠎ᠠ ᠭᠠᠵᠠᠷ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ | ᠣᠯᠠᠨ ᠵᠦᠢᠯ ᠤᠨ ᠡᠭᠦᠷᠭᠡ ᠶᠢ ᠪᠡᠶᠡᠯᠡᠭᠦᠯᠵᠦ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠪᠠ᠃ | | | |