︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠨᠢ | ︽ᠨᠢᠭᠡᠯᠡ ᠺᠣᠳ᠋︾ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠲᠥᠯᠥᠪᠵᠢᠭᠦᠯᠭᠡ ᠶᠢᠨ ᠨᠥᠬᠦᠴᠡᠯ᠂ ᠬᠤᠳᠠᠯᠳᠤᠬᠤ ᠭᠡᠷ᠎ᠡ᠂ ᠲᠥᠯᠥᠪᠵᠢᠭᠦᠯᠭᠡ ᠶᠢ ᠬᠢᠨᠠᠨ | ᠬᠠᠷᠭᠤᠭᠤᠯᠬᠤ᠂ ᠭᠠᠵᠠᠷ ᠤᠨ ᠬᠠᠷᠢᠶ᠎ᠠ ᠶᠢᠨ ᠪᠠᠶᠢᠴᠠᠭᠠᠯᠲᠠ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠡᠷᠭᠡ ᠭᠤᠭᠴᠤᠭ᠎ᠠ ᠳᠤ᠂ ᠨᠢᠭᠡᠳᠦᠯᠲᠡᠢ ᠥᠯᠥ | ᠬᠥᠳᠡᠯᠬᠦ ᠬᠥᠷᠥᠩᠭᠡ ᠶᠢᠨ ᠨᠢᠭᠡᠴᠢ ᠶᠢᠨ ᠨᠣᠮᠧᠷ ᠢ ᠬᠡᠷᠡᠭᠯᠡᠪᠡ᠃ ᠰᠢᠰᠲ᠋ᠧᠮ ᠤᠨ ᠲᠠᠪᠴᠠᠩ ᠤᠨ ᠪᠠᠶᠢᠭᠤᠯᠤᠯᠲᠠ ᠪᠠ ᠰᠦᠯᠵᠢᠶᠡᠨ ᠨᠡᠪᠲᠡᠷᠡᠯᠭᠡ ᠶᠢ | ᠴᠢᠩᠭᠠᠳᠬᠠᠵᠤ᠂ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ | ᠰᠢᠰᠲ᠋ᠧᠮ ᠲᠠᠢ ᠰᠢᠭᠤᠳ ᠬᠤᠯᠪᠣᠵᠤ᠂ ︽ᠣᠯᠠᠨ ᠬᠡᠮᠵᠢᠯᠲᠡ ᠶᠢ ᠨᠢᠭᠡᠳᠭᠡᠬᠦ︾ ᠲᠠᠪᠴᠠᠩ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠣᠷ ᠰᠦᠯᠵᠢᠶ᠎ᠡ᠂ | ᠨᠡᠢᠭᠡᠮ ᠲᠣᠭᠤᠷᠢᠭ ᠤᠨ ᠠᠰᠠᠷ ᠬᠤᠳᠠᠯᠳᠤᠬᠤ ᠦᠵᠦᠭᠦᠷ ᠤᠨ ᠬᠠᠷᠢᠴᠠᠭ᠎ᠠ ᠶᠢ ᠨᠡᠪᠲᠡᠷᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ | ︽ᠳᠥᠷᠪᠡ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠶᠢ ᠪᠡᠶᠡᠯᠡᠭᠦᠯᠪᠡ᠃ | ︽ᠳᠥᠷᠪᠡ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠨᠢ ᠲᠤᠬᠠᠶᠢᠯᠠᠪᠠᠯ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ | ᠥᠪᠡᠷ ᠤᠨ ᠥᠷᠲᠡᠭ ᠢ ᠪᠠᠭᠠᠰᠬᠠᠬᠤ᠂ ᠴᠠᠭ ᠢ ᠪᠠᠭᠠᠰᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠤᠯᠤᠨ᠎ᠠ᠃ ᠭᠤᠭᠴᠤᠭ᠎ᠠ ᠶᠢ ᠪᠠᠭᠠᠰᠬᠠᠵᠤ᠂ | ᠳᠣᠲᠣᠭᠠᠳᠤ ᠶᠢᠨ ᠴᠤᠪᠤᠷᠠᠯ ᠢ ᠲᠣᠬᠢᠷᠠᠭᠤᠯᠬᠤ ᠪᠠ ᠰᠦᠯᠵᠢᠶᠡᠨ ᠳᠡᠭᠡᠷ᠎ᠡ ᠮᠡᠳᠡᠭᠡ ᠵᠠᠩᠭᠢ ᠳᠠᠮᠵᠢᠭᠤᠯᠬᠤ ᠪᠠᠷ ᠳᠠᠮᠵᠢᠭᠤᠯᠤᠨ᠂ ᠳᠠᠩᠰᠠᠯᠠᠬᠤ ᠮᠡᠳᠡᠭᠡ ᠵᠠᠩᠭᠢ ᠶᠢ | ᠳᠣᠲᠣᠭᠠᠳᠤ ᠶᠢᠨ ᠬᠢᠨᠠᠨ ᠪᠠᠶᠢᠴᠠᠭᠠᠬᠤ ᠰᠠᠯᠠᠭ᠎ᠠ ᠲᠠᠰᠤᠭ ᠤᠨ ᠬᠤᠭᠤᠷᠣᠨᠳᠤ ᠡᠷᠭᠢᠯᠳᠦᠭᠦᠯᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠢ ᠵᠥᠪᠬᠡᠨ | ᠨᠢᠭᠡ ᠯᠡ ᠴᠤᠩᠬᠤᠪᠴᠢ ᠳᠤ ᠨᠢᠭᠡ ᠯᠡ ᠤᠳᠠᠭ᠎ᠠ ᠮᠦᠷᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠨᠢᠭᠡ ᠯᠡ ᠨᠣᠮᠧᠷ ᠢᠶᠠᠷ ᠪᠦᠬᠦᠨ ᠢ | ᠭᠦᠢᠴᠡᠳᠭᠡᠬᠦ︾ ᠶᠢ ᠪᠡᠶᠡᠯᠡᠭᠦᠯᠦᠨ᠎ᠡ᠃ ᠮᠠᠲ᠋ᠧᠷᠢᠶᠠᠯ ᠢ ᠬᠠᠰᠤᠵᠤ᠂ ᠭᠤᠶᠤᠴᠢᠯᠠᠬᠤ ᠮᠠᠲ᠋ᠧᠷᠢᠶᠠᠯ ᠢ ᠰᠦᠯᠵᠢᠶ᠎ᠡ ᠳᠡᠭᠡᠷ᠎ᠡ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ | ᠤᠤᠯ ᠤᠨ ᠰᠢᠯᠵᠢᠭᠦᠯᠬᠦ ᠳᠡᠩᠰᠡᠯᠡᠯᠲᠡ ᠶᠢᠨ 5 ᠬᠤᠪᠢ ᠮᠠᠲ᠋ᠧᠷᠢᠶᠠᠯ ᠢ ᠰᠢᠯᠢᠳᠡᠭᠵᠢᠭᠦᠯᠵᠦ 2 ᠬᠤᠪᠢ ᠭᠤᠶᠤᠴᠢᠯᠠᠬᠤ ᠮᠠᠲ᠋ᠧᠷᠢᠶᠠᠯ ᠪᠤᠯᠭᠠᠵᠠᠢ᠃ ᠥᠪᠡᠷ ᠤᠨ | ᠥᠷᠲᠡᠭ ᠢ ᠬᠠᠰᠤᠵᠤ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠵᠠᠷᠤᠳᠠᠯ ᠢ ᠬᠠᠰᠤᠵᠤ ᠬᠡᠯᠲᠦᠷᠢᠭᠦᠯᠪᠡ᠃ ᠴᠠᠭ ᠬᠤᠭᠤᠴᠠᠭ᠎ᠠ ᠶᠢ | ᠪᠠᠭᠠᠰᠬᠠᠵᠤ᠂ ᠳᠣᠲᠣᠭᠠᠳᠤ ᠴᠤᠪᠤᠷᠠᠯ ᠢ ᠰᠢᠯᠢᠳᠡᠭᠵᠢᠭᠦᠯᠬᠦ᠂ ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠪᠤᠳᠤᠯᠢᠶᠠᠨᠲᠠᠶ ᠳᠠᠩᠰᠠᠯᠠᠬᠤ ᠲᠤᠬᠠᠶᠢᠯᠠᠭᠰᠠᠨ ᠠᠵᠢᠯ ᠢ 30 ᠠᠵᠢᠯᠯᠠᠬᠤ ᠡᠳᠦᠷ ᠪᠠᠶᠢᠭᠰᠠᠨ ᠠᠴᠠ 3 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠦ | ᠳᠠᠭᠤᠰᠬᠠᠬᠤ ᠪᠣᠯᠭᠠᠨ ᠪᠣᠭᠤᠨᠢᠰᠬᠠᠵᠤ᠂ ᠡᠩ ᠤᠨ ᠳᠠᠩᠰᠠᠯᠠᠬᠤ ᠲᠤᠬᠠᠶᠢᠯᠠᠭᠰᠠᠨ ᠠᠵᠢᠯ ᠢ 30 ᠠᠵᠢᠯᠯᠠᠬᠤ ᠡᠳᠦᠷ ᠠᠴᠠ 2 ᠴᠠᠭ ᠤᠨ ᠳᠣᠲᠣᠷ᠎ᠠ | ᠳᠠᠭᠤᠰᠬᠠᠬᠤ ᠪᠣᠯᠭᠠᠨ ᠪᠣᠭᠤᠨᠢᠰᠬᠠᠵᠤ᠂ ᠳᠥᠭᠦᠮᠬᠡᠨ ᠳᠠᠩᠰᠠᠯᠠᠬᠤ ᠲᠤᠬᠠᠶᠢᠯᠠᠭᠰᠠᠨ ᠠᠵᠢᠯ ᠢ 30 ᠠᠵᠢᠯᠯᠠᠬᠤ ᠡᠳᠦᠷ ᠪᠠᠶᠢᠭᠰᠠᠨ ᠠᠴᠠ ᠪᠠᠷᠢᠨ ᠭᠦᠢᠴᠡᠳᠭᠡᠬᠦ | ᠪᠣᠯᠭᠠᠨ ᠪᠣᠭᠤᠨᠢᠰᠬᠠᠪᠠ᠃ | ᠡᠭᠦᠨ ᠤ ᠬᠠᠮᠲᠤ᠂ ᠦᠢᠯᠡᠴᠢᠯᠡᠭᠡᠨ ᠤ ᠥᠩᠭᠡᠷᠡᠯᠲᠡ ᠪᠠᠨ ᠰᠢᠯᠢᠳᠡᠭᠵᠢᠭᠦᠯᠪᠡ᠃ ᠭᠤᠶᠤᠴᠢᠯᠠᠯ ᠤᠨ ᠪᠢᠴᠢᠭ᠂ ᠯᠠᠪᠯᠠᠨ ᠠᠰᠠᠭᠤᠬᠤ ᠲᠡᠮᠳᠡᠭᠯᠡᠯ ᠤᠨ | ᠬᠤᠶᠠᠷ ᠬᠦᠰᠦᠨᠦᠭᠲᠦ ᠶᠢ ᠨᠡᠶᠢᠯᠡᠭᠦᠯᠦᠨ ᠨᠢᠭᠡ ᠪᠣᠯᠭᠠᠵᠤ᠂ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠭᠤᠶᠤᠴᠢᠯᠠᠯ ᠤᠨ ᠪᠢᠴᠢᠭ︾ ᠪᠣᠯᠭᠠᠨ | ᠰᠢᠯᠢᠳᠡᠭᠵᠢᠭᠦᠯᠪᠡ᠃ ᠭᠥᠯᠢᠶᠡᠨ ᠠᠪᠴᠤ ᠰᠢᠢᠳᠪᠦᠷᠢᠯᠡᠬᠦ ᠭᠡᠷᠡᠴᠢ ᠪᠠᠷᠢᠮᠲᠠ᠂ ᠰᠦᠢᠳᠬᠡᠯ ᠬᠤᠷᠢᠶᠠᠬᠤ ᠮᠡᠳᠡᠭᠳᠡᠯ ᠤᠨ ᠬᠠᠭᠤᠳᠠᠰᠤ᠂ ᠭᠡᠷᠡᠴᠢ ᠪᠠᠷᠢᠮᠲᠠ ᠠᠪᠬᠤ | ᠭᠤᠷᠪᠠᠨ ᠬᠦᠰᠦᠨᠦᠭᠲᠦ ᠶᠢ ᠨᠡᠶᠢᠯᠡᠭᠦᠯᠦᠨ ᠨᠢᠭᠡᠳᠬᠡᠵᠦ᠂ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠭᠡᠷᠡᠴᠢ | ᠪᠠᠷᠢᠮᠲᠠ︾ ᠪᠣᠯᠭᠠᠨ ᠰᠢᠯᠢᠳᠡᠭᠵᠢᠭᠦᠯᠪᠡ᠃ ︽ᠭᠤᠤᠯ ᠠᠪᠴᠠᠭᠠᠨ ᠤ ᠭᠡᠷ᠎ᠡ︾ ᠪᠠ ︽ᠪᠠᠷᠢᠴᠠᠭᠠᠯᠠᠬᠤ ᠭᠡᠷ᠎ᠡ︾ ᠶᠢ ᠨᠢᠭᠡ ︽ᠭᠤᠤᠯ ᠠᠪᠴᠠᠭᠠᠨ ᠤ ᠭᠡᠷ᠎ᠡ | ᠵᠢᠴᠢ ᠪᠠᠷᠢᠴᠠᠭᠠᠯᠠᠬᠤ ᠭᠡᠷ᠎ᠡ ᠶᠢᠨ ᠬᠦᠰᠦᠨᠦᠭᠲᠦ︾ ᠪᠣᠯᠭᠠᠨ ᠰᠢᠯᠢᠳᠡᠭᠵᠢᠭᠦᠯᠵᠦ᠂ ᠲᠤᠭᠠᠴᠢᠯᠠᠭᠰᠠᠨ ᠮᠡᠷᠭᠡᠵᠢᠯ ᠢᠶᠠᠷ ᠳᠠᠮᠵᠢᠭᠤᠯᠤᠨ᠂ ᠤᠶᠤᠯᠴᠢᠯᠠᠯᠲᠠ ᠪᠠᠷ | ᠬᠦᠰᠦᠨᠦᠭᠲᠦ ᠬᠠᠩᠭᠠᠬᠤ ᠪᠣᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠦᠢᠯᠡᠴᠢᠯᠡᠭᠡᠨ ᠤ ᠣᠶᠢᠯᠠᠭᠠᠯᠲᠠ ᠶᠢ ᠲᠦᠢᠯ ᠤᠨ ᠶᠡᠭᠡ ᠪᠠᠷ | ᠳᠡᠭᠡᠭᠰᠢᠯᠡᠭᠦᠯᠪᠡ᠃ | |