ᠮᠠᠨ ᠤ ᠣᠷᠣᠨ ᠣᠶᠢᠷ᠎ᠠ ᠶᠢᠨ ᠵᠢᠯ ᠳᠤ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ | ᠲᠦᠪᠰᠢᠨ ᠢ ᠳᠡᠭᠡᠭᠰᠢᠯᠡᠭᠦᠯᠭᠦ ᠲᠣᠭᠤᠷᠢᠨ ᠳᠤ ᠵᠠᠰᠠᠮᠠᠯ ᠵᠠᠮ᠂ ᠲᠡᠮᠦᠷ ᠵᠠᠮ᠂ ᠠᠶᠠᠨᠴᠢᠳ ᠤᠨ ᠵᠥᠭᠡᠭᠡᠪᠦᠷᠢ᠂ ᠪᠠᠷᠠᠭᠠᠨ ᠤ ᠲᠡᠭᠡᠭᠡᠪᠦᠷᠢ ᠵᠡᠷᠭᠡ 4 ᠶᠡᠭᠡ ᠬᠦᠷᠢᠶ᠎ᠡ | ᠶᠢ ᠨᠢᠭᠡᠳᠦᠯᠲᠡᠢ ᠲᠥᠯᠥᠪᠵᠢᠭᠦᠯᠦᠨ᠂ ᠲᠡᠮᠦᠷ ᠵᠠᠮ ᠪᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠠᠶᠢᠷᠢᠰᠢᠯ ᠢᠶᠠᠷ ᠵᠦᠢ | ᠵᠣᠬᠢᠰᠲᠠᠢ᠂ ᠴᠢᠳᠠᠮᠵᠢ ᠪᠠᠷ ᠪᠦᠷᠢᠨ ᠲᠡᠭᠦᠯᠳᠡᠷ᠂ ᠦᠷ᠎ᠡ ᠪᠦᠲᠦᠮᠵᠢ ᠪᠠᠷ ᠥᠨᠳᠥᠷ ᠣᠳᠣᠬᠢᠴᠢᠯᠠᠭᠰᠠᠨ ᠵᠠᠮ ᠬᠠᠷᠢᠯᠴᠠᠭᠠᠨ ᠤ ᠲᠣᠣᠷ ᠢ ᠬᠦᠴᠦᠯᠡᠨ ᠪᠠᠶᠢᠭᠤᠯᠵᠤ᠂ | ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠣᠶᠢᠯᠠᠭᠠᠭᠰᠠᠨ ᠢᠶᠠᠷ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠠᠴᠠ ᠶᠠᠭ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠭᠤᠣᠯ ᠪᠤᠯᠬᠤ | ᠵᠠᠰᠠᠮᠠᠯ ᠵᠠᠮ ᠤᠨ ᠲᠣᠣᠷ ᠢ ᠬᠦᠴᠦᠯᠡᠨ ᠲᠡᠭᠦᠯᠳᠡᠷᠵᠢᠭᠦᠯᠵᠦ᠂ ︽ᠬᠤᠶᠠᠷ ᠴᠠᠭ ᠤᠨ ᠵᠠᠰᠠᠮᠠᠯ ᠵᠠᠮ ᠤᠨ ᠠᠵᠤ ᠠᠬᠤᠢ ᠶᠢᠨ ᠲᠣᠭᠤᠷᠢᠭ︾ ᠢ ᠪᠠᠶᠢᠭᠤᠯᠵᠤ ᠪᠠᠶᠢᠨ᠎ᠠ᠃ | ᠡᠨᠡ ᠵᠢᠯ ᠤᠨ 9 ᠰᠠᠷ᠎ᠠ ᠶᠢᠨ 25 ᠤ ᠡᠳᠦᠷ ᠲᠤ S43 ᠭᠦᠭᠡᠬᠤᠲᠠ ᠶᠢᠨ ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ ᠤᠨ ᠲᠥᠷᠥᠯ ᠵᠦᠢᠯ ᠤᠨ | ᠭᠤᠣᠯ ᠴᠣᠭᠴᠠ ᠶᠢᠨ ᠪᠠᠷᠢᠯᠭ᠎ᠠ ᠶᠢ ᠨᠢᠭᠡᠨᠲᠡ ᠳᠠᠭᠤᠰᠬᠠᠪᠠ᠃ S29 ᠭᠦᠭᠡᠬᠤᠲᠠ- ᠯᠢᠶᠡᠩᠴᠧᠩ ᠬᠦᠷᠬᠦ ᠲᠦᠷᠭᠡᠨ ᠤ ᠵᠠᠰᠠᠮᠠᠯ ᠵᠠᠮ ︵ᠭᠦᠭᠡᠬᠤᠲᠠ ᠶᠢᠨ | ᠬᠡᠰᠡᠭ︶ ᠤᠨ ᠲᠥᠷᠥᠯ ᠵᠦᠢᠯ ᠤᠨ ᠪᠠᠷᠢᠯᠭ᠎ᠠ ᠶᠢ ᠡᠨᠡ ᠵᠢᠯ ᠤᠨ ᠳᠣᠲᠣᠷ᠎ᠠ ᠳᠠᠭᠤᠰᠬᠠᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃ S27 ᠭᠦᠭᠡᠬᠤᠲᠠ - | ᠣᠷᠳᠣᠰ ᠬᠦᠷᠬᠦ ᠲᠦᠷᠭᠡᠨ ᠤ ᠵᠠᠰᠠᠮᠠᠯ ᠵᠠᠮ︵ᠭᠦᠭᠡᠬᠤᠲᠠ ᠶᠢᠨ ᠬᠡᠰᠡᠭ︶ ᠤᠨ ᠲᠥᠷᠥᠯ ᠵᠦᠢᠯ ᠤᠨ ᠪᠦᠭᠦ ᠣᠷᠳᠣ ᠨᠢ ᠪᠠᠷᠤᠭ 76 ᠺᠢᠯᠣᠮᠧᠲᠷ ᠪᠠᠶᠢᠵᠤ᠂ | ᠣᠳᠣᠬᠠᠨ ᠳᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ ᠪᠠᠶᠢᠨ᠎ᠠ᠃ S311 ᠦᠴᠦᠸᠠᠨ - ᠶᠠᠩ ᠱᠤ᠋ ᠪᠠ ᠬᠦᠷᠬᠦ ᠵᠠᠰᠠᠮᠠᠯ ᠵᠠᠮ ᠤᠨ ᠲᠥᠷᠥᠯ ᠵᠦᠢᠯ ᠤᠨ | ᠪᠦᠭᠦ ᠣᠷᠳᠣ ᠨᠢ 99 ᠺᠢᠯᠣᠮᠧᠲᠷ ᠪᠠᠶᠢᠵᠤ᠂ ᠣᠳᠣᠬᠠᠨ ᠳᠤ ᠭᠤᠣᠯ ᠴᠣᠭᠴᠠ ᠶᠢᠨ ᠪᠠᠷᠢᠯᠭ᠎ᠠ ᠶᠢ ᠨᠢᠭᠡᠨᠲᠡ ᠳᠠᠭᠤᠰᠬᠠᠪᠠ᠃ | ᠮᠠᠨ ᠤ ᠣᠷᠣᠨ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠣᠷᠣᠨ ᠪᠦᠰᠡ ᠶᠢᠨ ᠲᠦᠷᠭᠡᠨ ᠤ ᠲᠡᠮᠦᠷ ᠵᠠᠮ ᠤᠨ ᠱᠤᠭᠤᠮ ᠢ | ᠰᠢᠯᠢᠳᠡᠭᠵᠢᠭᠦᠯᠦᠨ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ︽ᠨᠢᠭᠡ ᠴᠠᠭ ᠤᠨ ᠲᠡᠮᠦᠷ ᠵᠠᠮ ᠤᠨ ᠠᠵᠤ ᠠᠬᠤᠢ ᠶᠢᠨ ᠲᠣᠭᠤᠷᠢᠭ︾ ᠢ ᠨᠢᠭᠡᠨᠲᠡ ᠪᠠᠶᠢᠭᠤᠯᠪᠠ᠃ | ᠤᠳᠤ ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠲᠦᠷᠭᠡᠨ ᠤ ᠲᠡᠮᠦᠷ | ᠵᠠᠮ ᠤᠨ ᠶᠡᠭᠡ ᠵᠠᠮ ᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠤᠯᠭᠠᠵᠤ᠂ ᠣᠳᠣ ᠶᠢᠨ ᠪᠠᠶᠢᠭ᠎ᠠ ᠲᠡᠮᠦᠷ ᠵᠠᠮ ᠤᠨ ᠲᠣᠣᠷ ᠤᠨ ᠲᠥᠯᠦᠪᠵᠢᠭᠦᠯᠭᠡ ᠶᠢᠨ | ᠰᠠᠭᠤᠷᠢᠨ ᠳᠡᠭᠡᠷ᠎ᠡ ᠭᠦᠭᠡᠬᠤᠲᠠ - ᠪᠤᠭᠤᠲᠤ ᠶᠢᠨ ᠲᠦᠷᠭᠡᠨ ᠤ ᠲᠡᠮᠦᠷ ᠵᠠᠮ᠂ ᠪᠤᠭᠤᠲᠤ - ᠣᠷᠳᠣᠰ - ᠲᠡᠮᠡᠭᠡᠲᠦ ᠶᠢᠨ ᠲᠦᠷᠭᠡᠨ ᠤ ᠲᠡᠮᠦᠷ ᠵᠠᠮ ᠤᠨ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠭᠦᠭᠡᠬᠤᠲᠠ - ᠣᠷᠳᠣᠰ ᠤᠨ ᠲᠡᠮᠦᠷ ᠵᠠᠮ ᠤᠨ ᠲᠥᠷᠥᠯ ᠵᠦᠢᠯ ᠢ ᠰᠤᠳᠤᠯᠤᠨ | ᠠᠬᠢᠭᠤᠯᠵᠤ᠂ ᠤᠯᠤᠰ ᠤᠨ ᠲᠦᠷᠭᠡᠨ ᠤ ᠲᠡᠮᠦᠷ ᠵᠠᠮ ᠤᠨ ᠲᠣᠣᠷ ᠲᠤ ᠠᠭᠤᠰᠤᠯᠴᠠᠨ ᠣᠷᠣᠬᠤ ᠶᠢ ᠲᠦᠷᠭᠡᠳᠬᠡᠵᠦ ᠪᠠᠶᠢᠨ᠎ᠠ᠃ | | | |