ᠬᠥᠬᠡᠬᠤᠲᠠ ᠶᠢᠨ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ + ᠠᠵᠢᠯᠴᠢᠨ ᠤ ᠡᠪᠯᠡᠯ︾ ᠤᠨ ᠬᠥᠳᠡᠯᠮᠦᠷᠢ ᠶᠢᠨ ᠮᠠᠷᠭᠤᠯᠳᠤᠭᠠᠨ ᠢ ᠲᠠᠰᠤᠯᠤᠨ ᠲᠣᠬᠢᠷᠠᠭᠤᠯᠬᠤ ᠠᠵᠢᠯ ᠤᠨ ᠲᠠᠰᠤᠭ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/12/16
      ︵ᠰᠤᠷᠪᠤᠯᠵᠢᠯᠠᠭᠴᠢ ᠯᠢᠦᠢ ᠬᠤᠢ ᠱᠧᠩ︶ 12 ᠳ᠋ᠤᠭᠠᠷ ᠰᠠᠷ᠎ᠠ ᠶᠢᠨ 13 ᠤ ᠡᠳᠦᠷ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠠᠮᠲᠤᠷᠠᠨ ᠪᠠᠶᠢᠭᠤᠯᠤᠭᠰᠠᠨ ᠬᠥᠳᠡᠯᠮᠦᠷᠢ ᠶᠢᠨ ᠮᠠᠷᠭᠤᠯᠳᠤᠭᠠᠨ ᠢ ᠲᠠᠰᠤᠯᠤᠨ ᠲᠣᠬᠢᠷᠠᠭᠤᠯᠬᠤ ᠠᠵᠢᠯ ᠤᠨ ᠲᠠᠰᠤᠭ ᠬᠤᠲᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠦᠷᠢᠶᠡᠯᠡᠩ ᠳᠤ ᠵᠢᠩᠬᠢᠨᠢ ᠪᠠᠷ ᠫᠠᠶᠢᠰᠠ ᠰᠡᠬᠦᠪᠡ᠃      ᠬᠤᠲᠠ ᠶᠢᠨ ᠱᠠᠲᠤᠨ ᠤ ᠬᠥᠳᠡᠯᠮᠦᠷᠢ ᠶᠢᠨ ᠮᠠᠷᠭᠤᠯᠳᠤᠭᠠᠨ ᠢ ᠲᠠᠰᠤᠯᠤᠨ ᠲᠣᠬᠢᠷᠠᠭᠤᠯᠬᠤ ᠠᠵᠢᠯ ᠤᠨ ᠲᠠᠰᠤᠭ ᠢ ᠪᠠᠶᠢᠭᠤᠯᠤᠭᠰᠠᠨ ᠨᠢ ᠬᠥᠳᠡᠯᠮᠦᠷᠢ ᠶᠢᠨ ᠮᠠᠷᠭᠤᠯᠳᠤᠭᠠᠨ ᠢ ᠲᠠᠰᠤᠯᠤᠨ ᠲᠣᠬᠢᠷᠠᠭᠤᠯᠬᠤ ᠠᠵᠢᠯ ᠢ ᠥᠷᠨᠢᠭᠦᠯᠬᠦ ᠶᠢᠨ ᠲᠦᠯᠦᠭᠡ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠭᠦᠨᠵᠡᠭᠡᠶ ᠲᠤᠭᠤᠰᠢᠯᠠᠭᠤᠯᠵᠤ᠂ ︽ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠬᠤ︾ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠮᠥᠨ᠃ ᠲᠡᠭᠦᠨ ᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠨᠢ ᠪᠣᠯ᠄ ᠲᠤᠬᠠᠶ ᠶᠢᠨ ᠬᠥᠮᠦᠨ ᠠᠴᠠ ᠲᠤᠬᠠᠢ ᠶᠢᠨ ᠲᠠᠯᠠᠪᠠᠢ᠂ ᠰᠦᠯᠵᠢᠶᠡᠨ ᠳᠡᠭᠡᠷ᠎ᠡ ᠬᠤᠲᠠ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠴᠣᠩᠬᠤ᠂ ᠬᠤᠲᠠ ᠶᠢᠨ ᠬᠥᠨᠳᠡᠯᠡᠨ ᠠᠴᠠ ᠲᠠᠰᠤᠯᠬᠤ ᠵᠥᠪᠯᠡᠯ ᠳᠤ ᠭᠤᠶᠤᠴᠢᠯᠠᠭᠰᠠᠨ᠂ ᠵᠠᠭᠠᠯᠳᠤᠭᠰᠠᠨ ᠬᠡᠷᠡᠭ᠂ ᠭᠤᠣᠯᠳᠠᠭᠤ ᠬᠥᠳᠡᠯᠮᠦᠷᠢ ᠶᠢᠨ ᠭᠡᠷ᠎ᠡ ᠶᠢ ᠲᠤᠭᠳᠠᠬᠤ᠂ ᠭᠦᠢᠴᠡᠳᠬᠡᠬᠦ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠪᠠ ᠡᠴᠦᠰᠯᠡᠭᠦᠯᠬᠦ ᠠᠴᠠ ᠪᠣᠯᠤᠭᠰᠠᠨ ᠮᠠᠷᠭᠤᠯᠳᠤᠭᠠᠨ᠂ ᠨᠡᠷ᠎ᠡ ᠶᠢ ᠨᠢ ᠬᠠᠰᠤᠬᠤ᠂ ᠠᠵᠢᠯ ᠠᠴᠠ  ᠨᠢ ᠪᠠᠭᠤᠯᠭᠠᠬᠤ ᠪᠠ ᠲᠤᠰᠢᠶᠠᠯ ᠠᠴᠠ ᠪᠠᠨ ᠪᠠᠭᠤᠬᠤ᠂ ᠲᠤᠰᠢᠶᠠᠯ ᠠᠴᠠ ᠪᠠᠨ ᠰᠠᠯᠬᠤ ᠠᠴᠠ ᠪᠣᠯᠵᠤ ᠡᠭᠦᠰᠦᠭᠰᠡᠨ ᠮᠠᠷᠭᠤᠯᠳᠤᠭᠠᠨ᠂ ᠠᠵᠢᠯᠯᠠᠬᠤ ᠴᠠᠭ᠂ ᠠᠮᠠᠷᠠᠬᠤ᠂ ᠠᠮᠠᠷᠠᠯᠲᠠ ᠶᠢᠨ ᠴᠢᠯᠥᠭᠡ ᠠᠪᠬᠤ᠂ ᠨᠡᠶᠢᠭᠡᠮ ᠤᠨ ᠳᠠᠭᠠᠳᠬᠠᠯ᠂ ᠠᠰᠠᠷᠠᠮᠵᠢ᠂ ᠪᠣᠯᠪᠠᠰᠤᠷᠠᠭᠤᠯᠤᠯ ᠵᠢᠴᠢ ᠬᠥᠳᠡᠯᠮᠦᠷᠢ ᠶᠢᠨ ᠬᠠᠮᠠᠭᠠᠯᠠᠯᠲᠠ ᠠᠴᠠ ᠪᠣᠯᠤᠭᠰᠠᠨ ᠮᠠᠷᠭᠤᠯᠳᠤᠭᠠᠨ᠂ ᠬᠥᠳᠡᠯᠮᠦᠷᠢ ᠶᠢᠨ ᠬᠥᠯᠥᠰᠥ ᠣᠯᠭᠤᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠤ ᠠᠬᠤᠢ ᠶᠢᠨ ᠨᠥᠬᠦᠪᠥᠷᠢ ᠪᠤᠶᠤ ᠲᠥᠯᠥᠪᠦᠷᠢ ᠶᠢᠨ ᠮᠥᠩᠭᠦ ᠵᠡᠷᠭᠡ ᠠᠴᠠ ᠪᠣᠯᠤᠭᠰᠠᠨ ᠮᠠᠷᠭᠤᠯᠳᠤᠭᠠᠨ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠥᠳᠡᠯᠮᠦᠷᠢ ᠶᠢᠨ ᠮᠠᠷᠭᠤᠯᠳᠤᠭᠠᠨ ᠵᠡᠷᠭᠡ ᠬᠡᠷᠡᠭ ᠪᠣᠯᠤᠨ᠎ᠠ᠃      ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠠᠤᠯᠢ ᠴᠠᠭᠠᠵᠠ ᠶᠢᠨ ᠠᠵᠢᠯ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠤᠯᠪᠣᠭᠠᠯᠠᠨ ᠲᠣᠬᠢᠷᠠᠭᠤᠯᠬᠤ ᠶᠢ ᠴᠢᠩᠭᠠᠳᠬᠠᠵᠤ᠂ ᠬᠤᠰᠢᠭᠤ ᠰᠢᠶᠠᠨ ᠲᠣᠭᠤᠷᠢᠭ ᠤᠨ ᠱᠠᠲᠤᠨ ᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ + ᠠᠵᠢᠯᠴᠢᠨ ᠤ ᠡᠪᠯᠡᠯ︾ ᠤᠨ ᠬᠥᠳᠡᠯᠮᠦᠷᠢ ᠶᠢᠨ ᠮᠠᠷᠭᠤᠯᠳᠤᠭᠠᠨ ᠢ ᠲᠠᠰᠤᠯᠤᠨ ᠲᠣᠬᠢᠷᠠᠭᠤᠯᠬᠤ ᠠᠵᠢᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠬᠦ᠂ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠬᠤ᠂ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠮᠠᠷᠭᠤᠯᠳᠤᠭᠠᠨ ᠢ ᠰᠢᠢᠳᠪᠦᠷᠢᠯᠡᠬᠦ ᠤᠯᠤᠰ ᠲᠥᠷᠥ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ ᠬᠢᠭᠡᠳ ᠨᠡᠶᠢᠭᠡᠮ ᠤᠨ ᠦᠷ᠎ᠡ ᠪᠦᠲᠦᠮᠵᠢ ᠶᠢ ᠴᠢᠷᠮᠠᠶᠢᠨ ᠬᠠᠷᠢᠯᠴᠠᠨ ᠨᠢᠭᠡᠳᠬᠡᠵᠦ᠂ ᠣᠷᠣᠨ ᠤ ᠲᠥᠪ ᠬᠤᠲᠠ ᠶᠢᠨ ᠨᠡᠶᠢᠭᠡᠮ ᠤᠨ ᠬᠠᠮᠵᠢᠯᠴᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ ᠭᠡᠵᠡᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ