ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠤᠨ ᠬᠥᠬᠡᠬᠤᠲᠠ ᠶᠢᠨ ᠮᠥᠰᠥ ᠴᠠᠰᠤᠨ ᠤ ᠲᠠᠮᠢᠷ ᠤᠨ ᠰᠢᠷᠢᠰ ᠠᠵᠢᠯᠯᠠᠭ᠎ᠠ ᠶᠢᠨ ᠤᠶᠢᠷ᠎ᠠ ᠵᠠᠮ ᠤᠨ ᠲᠦᠷᠭᠡᠨ ᠲᠡᠰᠢᠯᠲᠡ ᠶᠢᠨ ᠢᠯᠡ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/12/16
1216.jpg
      12 ᠳ᠋ᠤᠭᠠᠷ ᠰᠠᠷ᠎ᠠ ᠶᠢᠨ 15 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠤᠨ ᠬᠥᠬᠡᠬᠤᠲᠠ ᠶᠢᠨ ᠮᠥᠰᠥ ᠴᠠᠰᠤᠨ ᠤ ᠲᠠᠮᠢᠷ ᠤᠨ ᠰᠢᠷᠢᠰ ᠠᠵᠢᠯᠯᠠᠭ᠎ᠠ ᠶᠢᠨ ᠤᠶᠢᠷ᠎ᠠ ᠵᠠᠮ ᠤᠨ ᠲᠦᠷᠭᠡᠨ ᠲᠡᠰᠢᠯᠲᠡ ᠶᠢᠨ ᠢᠯᠡ ᠤᠷᠤᠯᠳᠤᠭᠠᠨ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠡᠬᠢᠯᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠨᠠᠰᠤᠲᠠᠶᠢᠴᠤᠳ ᠤᠨ ᠳᠤᠭᠤᠶᠢᠯᠠᠩ᠂ ᠨᠠᠰᠤᠨ ᠳᠤ ᠬᠦᠷᠦᠭᠰᠡᠳ ᠤᠨ ᠳᠤᠭᠤᠶᠢᠯᠠᠩ᠂ ᠵᠠᠯᠠᠭᠤᠴᠤᠳ ᠤᠨ ᠳᠤᠭᠤᠶᠢᠯᠠᠩ ᠵᠢᠴᠢ ᠪᠠᠭᠠᠴᠤᠳ ᠤᠨ ᠬᠥᠬᠡ᠂ ᠬᠥᠬᠡᠭᠴᠢᠨ᠂ ᠤᠯᠠᠭᠠᠨ᠂ ᠤᠯᠠᠭᠠᠭᠴᠢᠨ ᠳᠤᠭᠤᠶᠢᠯᠠᠩ ᠵᠡᠷᠭᠡ ᠣᠯᠠᠨ ᠳᠤᠭᠤᠶᠢᠯᠠᠩ ᠲᠣᠬᠢᠷᠠᠭᠤᠯᠵᠤ᠂ ᠲᠥᠷᠥᠯ ᠵᠦᠢᠯ ᠤᠨ ᠲᠣᠬᠢᠷᠠᠭᠤᠯᠤᠯᠲᠠ ᠨᠢ 500 ᠮᠧᠲᠷ᠂ 1000 ᠮᠧᠲᠷ ᠤᠨ ᠠᠳᠠᠯᠢ ᠪᠤᠰᠤ ᠵᠠᠶ ᠶᠢ ᠬᠠᠮᠤᠷᠴᠤ᠂ ᠨᠡᠶᠢᠲᠡ 11 ᠲᠥᠯᠥᠭᠡᠯᠡᠭᠴᠢᠳ ᠤᠨ ᠠᠩᠭᠢ ᠶᠢᠨ ᠵᠠᠭᠤ ᠰᠢᠬᠠᠮ ᠲᠠᠮᠢᠷᠴᠢᠨ ᠣᠷᠣᠯᠴᠠᠵᠠᠶ᠃ ᠤᠷᠤᠯᠳᠤᠭᠠᠨ ᠨᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠣᠯᠠᠨ ᠨᠡᠶᠢᠲᠡ ᠶᠢᠨ ᠳᠤᠮᠳᠠ ᠲᠦᠭᠡᠮᠡᠯᠵᠢᠭᠦᠯᠵᠦ ᠬᠥᠭᠵᠢᠭᠦᠯᠵᠦ᠂ ᠮᠥᠰᠥ ᠲᠡᠰᠢᠯᠲᠡ ᠶᠢᠨ ᠪᠠᠭ᠋ᠠᠷᠬᠠᠭᠴᠢᠳ ᠲᠤ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ᠂ ᠲᠤᠷᠰᠢᠯᠭ᠎ᠠ ᠪᠠᠨ ᠰᠣᠯᠢᠯᠴᠠᠬᠤ ᠲᠠᠪᠴᠠᠩ ᠬᠠᠩᠭᠠᠬᠤ ᠶᠢ ᠵᠤᠷᠢᠵᠠᠢ᠃      ᠰᠤᠷᠪᠤᠯᠵᠢᠯᠠᠭᠴᠢ ᠸᠠᠩ ᠱᠣᠣ ᠺᠠᠶ  ᠮᠢᠶᠣᠣ ᠰᠢᠨ ᠰᠡᠭᠦᠳᠡᠷᠯᠡᠪᠡ    
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ