︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠬᠥᠳᠡᠭᠡ | ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ 3208.43 ᠲᠦᠮᠡᠨ ᠲᠥᠭᠦᠷᠢᠭ ᠪᠠᠭᠤᠯᠭᠠᠵᠤ᠂ 83 ᠰᠤᠷᠭᠠᠭᠤᠯᠢ᠂ | 3509 ᠬᠥᠮᠦᠨ ᠳᠤ ᠠᠰᠢᠭ ᠬᠦᠷᠲᠡᠭᠡᠪᠡ᠃ ᠲᠣᠰ ᠤᠳᠠᠭᠠᠨ ᠤ ᠪᠠᠯᠠ ᠮᠥᠩᠭᠦ ᠶᠢ ᠪᠠᠭᠤᠯᠭᠠᠭᠰᠠᠨ ᠨᠢ ᠰᠤᠷᠭᠠᠨ ᠬᠥᠮᠦᠵᠢᠯ ᠤᠨ ᠡᠷᠬᠡ ᠲᠡᠭᠰᠢ ᠶᠢ | ᠠᠬᠢᠭᠤᠯᠬᠤ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠳᠤ ᠠᠰᠢᠭᠲᠠᠶ ᠶᠤᠮ᠃ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠭᠠᠵᠠᠷ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠪᠡᠯᠡ ᠮᠥᠩᠭᠦ ᠰᠠᠯᠭᠠᠨ ᠥᠭᠬᠦ | ᠠᠬᠢᠴᠠ ᠪᠠᠨ ᠲᠦᠷᠭᠡᠳᠭᠡᠵᠦ᠂ ᠪᠡᠯᠡ ᠮᠥᠩᠭᠦ ᠶᠢ ᠴᠠᠭ ᠲᠤᠬᠠᠢ ᠳᠤᠨᠢ ᠬᠥᠳᠡᠭᠡ ᠲᠣᠰᠬᠤᠨ ᠤ ᠪᠠᠭᠰᠢ ᠳᠤ ᠲᠠᠷᠬᠠᠭᠠᠬᠤ ᠶᠢᠨ ᠬᠠᠮᠲᠤ᠂ ᠪᠡᠯᠡ ᠮᠥᠩᠭᠦ | ᠣᠯᠭᠤᠬᠤ ᠬᠠᠮᠢᠶᠠᠷᠤᠯᠲᠠ ᠶᠢ ᠴᠢᠩᠳᠠᠯᠠᠵᠤ᠂ ᠲᠤᠰᠠᠯᠠᠮᠵᠢ ᠶᠢᠨ ᠪᠡᠯᠡ ᠮᠥᠩᠭᠦ ᠶᠢ ᠳᠤᠮᠳᠠ ᠠᠴᠠ ᠨᠢ ᠲᠠᠰᠤᠳᠠᠨ ᠦᠯᠡᠳᠡᠭᠡᠬᠦ᠂ ᠰᠢᠬᠠᠨ ᠡᠵᠡᠯᠡᠬᠦ᠂ ᠨᠡᠭᠦᠯᠭᠡᠨ | ᠬᠡᠷᠡᠭᠯᠡᠵᠦ ᠪᠣᠯᠬᠤ ᠦᠭᠡᠶ ᠭᠡᠵᠦ ᠱᠠᠭᠠᠷᠳᠠᠵᠠᠢ᠃ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠡᠳ᠋ ᠤᠨ ᠵᠠᠰᠠᠭ ᠤᠨ ᠪᠡᠯᠡ ᠮᠥᠩᠭᠦ ᠶᠢ ᠮᠡᠬᠡᠯᠡᠨ ᠠᠪᠬᠤ | ᠠᠵᠢᠯᠯᠠᠭ᠎ᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ |