ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠪᠦᠯ ᠤᠨ ᠤᠯᠠᠷᠢᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠲᠣᠭᠤᠷᠢᠨ ᠰᠡᠷᠭᠡᠶᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/12/17
      ᠣᠶᠢᠷ᠎ᠠ ᠶᠢᠨ ᠡᠳᠦᠷ᠂ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠭᠦ ᠬᠤᠳᠠ ᠶᠢᠨ ᠠᠩᠬᠠᠳᠠᠭᠴᠢ ᠡᠪᠦᠯ ᠤᠨ ᠤᠯᠠᠷᠢᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠲᠣᠭᠤᠷᠢᠨ ᠰᠡᠷᠭᠡᠶᠢᠯᠡᠬᠦ ᠲᠤᠰᠬᠠᠢ ᠠᠵᠢᠯᠯᠠᠭ᠎ᠠ ᠶᠢᠨ ᠠᠩᠬᠠᠳᠤᠭᠠᠷ ᠤᠳᠠᠭ᠎ᠠ ᠶᠢᠨ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠥᠷᠨᠢᠭᠦᠯᠵᠡᠢ᠃ ᠲᠤᠰ ᠤᠳᠠᠭ᠎ᠠ ᠶᠢᠨ ᠠᠵᠢᠯᠯᠠᠭ᠎ᠠ ᠨᠢ ᠨᠡᠶᠢᠭᠡᠮ ᠤᠨ ᠲᠠᠯ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠨᠢᠭᠲᠠᠷᠠᠭᠤᠯᠤᠨ᠂ ᠲᠣᠪᠣᠶᠢᠮ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠠᠮᠤᠷ ᠲᠦᠪᠰᠢᠨ ᠤ ᠭᠡᠮ ᠰᠣᠭᠤᠭ ᠢ ᠪᠦᠭᠦ ᠲᠠᠯ᠎ᠠ ᠪᠠᠷ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ  ᠬᠠᠮᠠᠭᠠᠯᠠᠬᠤ ᠪᠠᠷ ᠵᠣᠷᠢᠯᠲᠠ ᠪᠣᠯᠭᠠᠵᠠᠢ᠃      ᠠᠵᠢᠯᠯᠠᠭ᠎ᠠ ᠳᠤ᠂ ᠲᠣᠭᠤᠷᠢᠨ ᠡᠵᠡᠮᠳᠡᠬᠦ᠂ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ᠂ ᠡᠬᠢ ᠰᠤᠷᠪᠤᠯᠵᠢ ᠠᠴᠠ ᠨᠢ ᠬᠠᠮᠢᠶᠠᠷᠤᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠡᠵᠡᠮᠳᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠪᠣᠰᠤᠭ᠎ᠠ ᠴᠣᠭᠴᠠ ᠪᠠᠷ ᠲᠣᠭᠤᠷᠢᠨ ᠴᠠᠭᠳᠠᠬᠤ᠂ ᠭᠤᠣᠯᠳᠠᠯᠭ᠎ᠠ ᠲᠠᠢ ᠠᠰᠠᠭᠤᠨ ᠪᠠᠶᠢᠴᠠᠭᠠᠬᠤ ᠪᠠ ᠲᠥᠪᠯᠡᠷᠡᠭᠦᠯᠦᠨ ᠤᠬᠠᠭᠤᠯᠬᠤ ᠠᠵᠢᠯ ᠢ ᠥᠷᠨᠢᠭᠦᠯᠵᠡᠢ᠃ ︽ᠲᠤᠰᠬᠠᠢ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠭᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠲᠤ ᠲᠦᠰᠢᠭᠯᠡᠨ᠂ ᠡᠪᠦᠯ ᠤᠨ ᠠᠮᠤᠷ ᠢ ᠬᠠᠮᠠᠭᠠᠯᠠᠬᠤ ᠣᠨᠴᠠᠯᠢᠭ ᠲᠤ ᠬᠠᠨᠳᠤᠭᠤᠯᠤᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠢ᠃      ᠠᠵᠢᠯᠯᠠᠭ᠎ᠠ ᠶᠢᠨ ᠬᠤᠭᠤᠴᠠᠭᠠᠨ ᠳᠤ᠂ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠦᠷᠢᠶᠡᠰᠦᠨ ᠭᠡᠷ᠂ ᠰᠦᠯᠵᠢᠶᠡᠨ ᠤ ᠪᠠᠭᠠᠷ᠂ ᠵᠣᠴᠢᠳ ᠤᠨ ᠪᠠᠭᠤᠳᠠᠯ ᠵᠡᠷᠭᠡ ᠭᠤᠣᠯᠳᠠᠯᠭ᠎ᠠ ᠲᠠᠢ ᠲᠠᠯᠠᠪᠤᠷ  ᠭᠠᠵᠠᠷ ᠢ ᠴᠢᠩᠭ᠎ᠠ ᠪᠠᠶᠢᠴᠠᠭᠠᠨ ᠴᠢᠩᠭ᠎ᠠ ᠬᠠᠮᠢᠶᠠᠷᠴᠤ᠂ ᠱᠠᠯᠢᠭ ᠵᠠᠪᠬᠠᠢ᠂ ᠵᠣᠭᠤᠰ ᠮᠥᠷᠥᠶᠢᠴᠡᠬᠦ᠂ ᠬᠤᠣᠷᠲᠤ ᠡᠳ᠋ ᠰᠠᠷᠢᠭᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠢᠩᠭ᠎ᠠ ᠵᠠᠰᠠᠵᠤ᠂ ᠬᠤᠳᠠ ᠬᠥᠳᠡᠭᠡ  ᠶᠢᠨ ᠠᠭᠤᠯᠵᠠᠷ ᠬᠡᠰᠡᠭ᠂ ᠬᠤᠲᠠᠨ ᠳᠤᠮᠳᠠᠬᠢ ᠲᠤᠰᠬᠤᠨ᠂ ᠬᠠᠶᠠᠭᠳᠠᠭᠰᠠᠨ ᠦᠢᠯᠡᠳᠪᠦᠷᠢ ᠶᠢᠨ ᠪᠠᠶᠢᠰᠢᠩ ᠵᠡᠷᠭᠡ ᠶᠢ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ