ᠬᠥᠬᠡᠬᠤᠲᠠ ᠶᠢᠨ ᠨᠡᠶᠢᠯᠡᠯᠭᠡ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠦᠢᠯᠡᠰ ᠢ ᠵᠣᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/18
ᠲᠤᠬᠠᠢ ᠶᠢᠨ ᠲᠠᠯᠠᠪᠤᠷ ᠲᠤ 4 ᠬᠠᠮᠲᠤᠷᠠᠯᠴᠠᠭᠠᠨ ᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 31 ᠳ᠋ᠦᠩᠰᠢᠭᠤᠷ ᠲᠥᠭᠦᠷᠢᠭ ᠬᠦᠷᠴᠡᠢ          ︵ᠰᠤᠷᠪᠤᠯᠵᠢᠯᠠᠭᠴᠢ ᠡᠦ ᠽᠢ ᠰᠢᠤᠸᠠᠨ︶ 12 ᠳ᠋ᠤᠭᠠᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ᠨᠡᠶᠢᠯᠡᠯᠭᠡ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠦᠢᠯᠡᠰ ᠢ ᠵᠣᠯᠭᠠᠭᠤᠯᠬᠤ ᠬᠤᠷᠠᠯ ᠨᠢ ︽ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠲᠠᠪᠴᠠᠩ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠲᠤ ᠶᠠᠪᠤᠭᠳᠠᠵᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠠᠮᠢᠳᠤ ᠪᠣᠳᠠᠰ ᠤᠨ ᠮᠡᠷᠭᠡᠵᠢᠯ ᠤᠨ ᠬᠥᠭᠵᠢᠯᠲᠡ ᠶᠢᠨ ᠲᠥᠪ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠤᠨ ᠠᠺᠠᠳᠧᠮᠢᠴᠢ᠂ ᠲᠤᠰᠬᠠᠶ ᠮᠡᠷᠭᠡᠵᠢᠯᠲᠡᠨ ᠪᠠ ᠠᠵᠤ ᠠᠬᠤᠶᠢᠯᠠᠯ᠂ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ᠦᠷ᠎ᠡ ᠪᠦᠲᠦᠭᠡᠯ ᠢᠶᠠᠨ ᠬᠤᠪᠢᠶᠠᠯᠴᠠᠨ᠂ ᠬᠠᠮᠲᠤᠷᠠᠯᠴᠠᠭ᠎ᠠ ᠪᠠᠨ ᠵᠤᠯᠭᠠᠯᠴᠠᠪᠠ᠃      ᠬᠤᠷᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠢᠶᠠᠨᠵᠢᠨ ᠤ ᠠᠵᠤ ᠦᠢᠯᠡᠳᠪᠦᠷᠢ ᠶᠢᠨ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠭᠠᠵᠠᠷ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠢᠺᠷᠣᠪ ᠤᠨ ᠰᠣᠯᠢᠯᠴᠠᠭᠠᠨ ᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠵᠢᠴᠢ ᠱᠠᠨᠳᠦ᠋ᠩ ᠶᠡᠭᠡ ᠰᠤᠷᠭᠠᠭᠤᠯᠢ ᠶᠢᠨ ᠮᠢᠺᠷᠣᠪ ᠤᠨ ᠮᠡᠷᠭᠡᠵᠢᠯ ᠤᠨ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ 44 ᠵᠦᠢᠯ ᠤᠨ ᠨᠡᠶᠢᠯᠡᠯᠭᠡ ᠠᠮᠢᠳᠤ ᠪᠣᠳᠠᠰ ᠤᠨ ᠮᠡᠷᠭᠡᠵᠢᠯ ᠤᠨ ᠬᠤᠰᠢᠭᠤᠷᠠᠯ ᠦᠷ᠎ᠡ ᠪᠦᠲᠦᠭᠡᠯ ᠢ ᠲᠠᠨᠢᠯᠴᠠᠭᠤᠯᠪᠠ᠃ ᠲᠤᠬᠠᠶ ᠶᠢᠨ ᠲᠠᠯᠠᠪᠠᠶ ᠳᠤ ᠭᠡᠷ᠎ᠡ ᠲᠣᠭᠲᠠᠭᠰᠠᠨ ᠬᠠᠮᠲᠤᠷᠠᠯᠴᠠᠭᠠᠨ ᠤ ᠲᠥᠷᠥᠯ ᠵᠦᠢᠯ 4 ᠪᠠᠶᠢᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 31 ᠳ᠋ᠦᠩᠰᠢᠭᠤᠷ ᠲᠥᠭᠦᠷᠢᠭ ᠬᠦᠷᠴᠡᠶ᠃ ᠬᠤᠷᠠᠯ ᠳᠡᠭᠡᠷ᠎ᠡ ᠪᠠᠰᠠ ᠠᠮᠢᠳᠤ ᠪᠣᠳᠠᠰ ᠤᠨ ᠣᠶᠤᠨᠴᠢ ᠦᠢᠯᠡᠳᠭᠡᠯ ᠤᠨ ᠬᠦᠨᠳᠡᠢ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃      ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠪᠠᠶᠢᠷᠢᠯᠠᠭᠤᠯᠤᠨ ᠬᠥᠭᠵᠢᠭᠦᠯᠦᠭᠰᠡᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠨᠢᠭᠡ ᠮᠦᠨ᠂ ᠠᠵᠤ ᠦᠢᠯᠡᠰ ᠤᠨ ᠰᠠᠭᠤᠷᠢ ᠭᠦᠨ ᠵᠤᠵᠠᠭᠠᠨ ᠪᠠᠶᠢᠵᠤ᠂ ᠨᠢᠭᠡᠨᠲᠡ ︽ᠡᠷᠳᠡᠨᠢ ᠰᠢᠰᠢ — ᠴᠠᠷᠳᠠᠭᠤᠯ — ᠰᠢᠩᠭᠡᠨ ᠰᠢᠬᠢᠷ — ᠵᠠᠪᠰᠠᠷ ᠤᠨ ᠴᠣᠭᠴᠠ — ᠲᠦᠭᠦᠬᠡᠶ ᠮᠠᠲ᠋ᠧᠷᠢᠶᠠᠯ — ᠪᠡᠯᠡᠨ ᠡᠮ︾ ᠤᠨ ᠪᠦᠷᠢᠨ ᠲᠡᠭᠦᠯᠳᠡᠷ ᠠᠵᠤ ᠦᠢᠯᠡᠰ ᠤᠨ ᠬᠡᠯᠬᠢᠶ᠎ᠡ ᠲᠠᠢ ᠪᠣᠯᠪᠠ᠃ ᠡᠨᠡ ᠵᠢᠯ ᠠᠴᠠ ᠨᠠᠭᠠᠰᠢ᠂ ᠬᠥᠬᠡᠬᠤᠲᠠ ᠨᠢ ᠣᠨᠴᠠᠯᠢᠭᠲᠤ ᠠᠮᠢᠳᠤ ᠪᠣᠳᠠᠰ ᠤᠨ ᠠᠵᠤ ᠦᠢᠯᠡᠰ ᠤᠨ ᠣᠷᠣᠨ ᠪᠠᠶᠢᠷᠢ᠂ ᠡᠬᠢ ᠪᠠᠶᠠᠯᠢᠭ ᠵᠢᠴᠢ ᠬᠦᠴᠦᠨ ᠵᠦᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠵᠠᠮ ᠢ ᠵᠠᠪᠳᠤᠨ ᠡᠯᠭᠦᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠣᠯᠭᠠᠵᠤ᠂ ᠨᠡᠶᠢᠯᠡᠯᠭᠡ ᠠᠮᠢᠳᠤ ᠪᠣᠳᠠᠰ᠂ ᠠᠮᠢᠲᠠᠨ ᠤ ᠸᠠᠺᠼᠢᠨ ᠢᠶᠠᠷ ᠭᠤᠣᠯᠳᠠᠯᠭ᠎ᠠ ᠪᠣᠯᠭᠠᠨ᠂ ᠬᠥᠬᠡᠬᠤᠲᠠ ᠶᠢᠨ ︽ᠤᠮᠠᠷᠠᠲᠤ ᠤᠷᠤᠨ ᠳᠤ ᠰᠤᠳᠤᠯᠤᠨ ᠨᠡᠭᠡᠭᠡᠬᠦ᠂ ᠳᠤᠮᠳᠠᠳᠤ ᠤᠷᠤᠨ ᠳᠤ ᠨᠡᠪᠴᠢᠭᠦᠯᠬᠦ᠂ ᠡᠮᠦᠨᠡᠲᠦ ᠣᠷᠣᠨ ᠳᠤ ᠬᠡᠷᠡᠭᠯᠡᠬᠦ︾ ᠰᠢᠨ᠎ᠡ ᠶᠢ ᠡᠭᠦᠳᠬᠦ ᠪᠠᠶᠢᠷᠢᠰᠢᠯ ᠳᠤ ᠰᠠᠭᠤᠷᠢᠯᠠᠨ᠂ ᠰᠠᠭᠤᠷᠢ ᠰᠤᠳᠤᠯᠭᠠᠨ ᠠᠴᠠ ᠠᠵᠤ ᠦᠢᠯᠡᠰᠵᠢᠭᠦᠯᠦᠨ ᠬᠡᠷᠡᠭᠯᠡᠬᠦ ᠬᠦᠷᠲᠡᠯᠡᠬᠢ ᠪᠦᠬᠦ ᠬᠡᠯᠬᠢᠶ᠎ᠡ ᠶᠢᠨ ᠰᠢᠨ᠎ᠡ ᠶᠢ ᠡᠭᠦᠳᠬᠦ ᠠᠮᠢ ᠠᠬᠤᠢ ᠶᠢᠨ ᠰᠢᠰᠲ᠋ᠧᠮᠵᠢ ᠶᠢ ᠪᠠᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠲᠥᠯᠥᠪᠯᠡᠨ ᠲᠣᠭᠲᠠᠭᠠᠵᠤ᠂   ᠨᠡᠶᠢᠯᠡᠯᠭᠡ ᠠᠮᠢᠳᠤ ᠪᠣᠳᠠᠰ ᠤᠨ ᠠᠵᠤ ᠦᠢᠯᠡᠰ ᠢ ᠲᠡᠳᠬᠦᠬᠦ ᠡᠷᠴᠢᠮ ᠢᠶᠠᠨ ᠨᠡᠩ ᠴᠢᠩᠭᠠᠷᠠᠭᠤᠯᠤᠨ᠎ᠠ᠃ ᠨᠡᠶᠢᠯᠡᠯᠭᠡ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠴᠦᠷᠬᠡᠭ ᠶᠡᠭᠡ ᠪᠤᠳᠤᠯᠭ᠎ᠠ ᠶᠢᠨ ᠬᠦᠴᠦᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠡᠶᠢᠯᠡᠯᠭᠡ ᠠᠮᠢᠳᠤ ᠪᠣᠳᠠᠰ ᠤᠨ ᠣᠶᠤᠨᠴᠢ ᠪᠤᠳᠤᠬᠤ ᠲᠥᠪ ᠢ ᠪᠠᠶᠢᠷᠢᠰᠢᠭᠤᠯᠤᠨ ᠪᠠᠶᠢᠭᠤᠯᠵᠤ᠂        ︽1+ N︾ ᠨᠡᠶᠢᠯᠡᠯᠭᠡ ᠠᠮᠢᠳᠤ ᠪᠣᠳᠠᠰ ᠤᠨ ᠲᠤᠷᠰᠢᠯᠲᠠ ᠶᠢ ᠰᠢᠯᠭᠠᠨ ᠪᠠᠲᠤᠯᠠᠬᠤ ᠲᠠᠪᠴᠠᠩ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠡᠷᠡᠭᠯᠡᠭᠡᠨ ᠤ ᠠᠬᠤᠢ ᠪᠠᠶᠢᠳᠠᠯ ᠢ ᠢᠳᠡᠪᠬᠢᠲᠡᠶ ᠪᠤᠢ ᠪᠣᠯᠭᠠᠵᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ᠂ ᠬᠥᠬᠡᠬᠤᠲᠠ ᠶᠢᠨ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠲᠣᠭᠲᠠᠬᠤ ᠰᠢᠶᠠᠨ ᠢᠶᠠᠷ ᠭᠤᠤᠯ ᠪᠣᠯᠭᠠᠨ ᠠᠮᠢᠳᠤ ᠪᠣᠳᠠᠰ ᠤᠨ ᠤᠶᠤᠨᠴᠢ ᠬᠥᠨᠳᠡᠶ ᠶᠢ ᠪᠦᠲᠦᠭᠡᠨ ᠪᠠᠶᠢᠭᠤᠯᠵᠤ᠂ ᠨᠠᠩ ᠣᠯᠠᠨ ᠨᠡᠶᠢᠯᠡᠯᠭᠡ ᠠᠮᠢᠳᠤ ᠪᠣᠳᠠᠰ ᠤᠨ ᠡᠬᠢ ᠪᠠᠶᠠᠯᠢᠭ ᠢ ᠬᠤᠷᠠᠮᠳᠤᠭᠤᠯᠤᠨ᠂ ᠰᠢᠨ᠎ᠡ  ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠪᠦᠷᠢᠯᠳᠦᠯ ᠢ ᠲᠦᠷᠭᠡᠳᠬᠡᠵᠦ᠂ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠬᠦᠴᠦᠯᠡᠨ ᠪᠤᠶᠢᠵᠢᠭᠤᠯᠵᠤ᠂ ︽ᠨᠢᠭᠡ ᠮᠥᠬᠦᠯᠢᠭ ᠡᠷᠳᠡᠨᠢ ᠰᠢᠰᠢ ᠠᠴᠠ ᠨᠢᠭᠡ ᠦᠷᠢᠯ ᠡᠮ︾ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠨᠢᠭᠲᠠ ᠤᠶᠠᠯᠳᠤᠯ ᠪᠠ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ