ᠾᠧ ᠬᠠᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ | ︵ᠰᠤᠷᠪᠤᠯᠵᠢᠯᠠᠭᠴᠢ ᠠᠷᠢᠭᠤᠨ᠎ᠠ︶ 12 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ | ᠬᠤᠷᠠᠯᠳᠤᠪᠠ᠃ ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ᠂ | ᠠᠵᠤ ᠠᠬᠤᠶ ᠶᠢᠨ ᠭᠤᠣᠯ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠪᠠᠶᠢᠳᠠᠯ ᠢ ᠮᠡᠳᠡᠭᠳᠡᠵᠦ᠂ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ | ᠳᠠᠷᠤᠶ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠠᠴᠠ ᠪᠥᠬᠦ ᠬᠤᠲᠠ ᠶᠢᠨ 9 —11 ᠳ᠋ᠦ᠋ᠭᠡᠷ ᠰᠠᠷ᠎ᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ | ᠭᠦᠢᠴᠡᠳᠬᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠬᠡᠰᠡᠭ ᠬᠤᠲᠠ ᠶᠢᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠤᠨ | ᠠᠵᠢᠯ ᠤᠨ ᠦᠨᠡᠯᠡᠯᠲᠡ ᠬᠢᠵᠡᠶ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠾᠧ ᠬᠠᠢ ᠳ᠋ᠦᠩ ᠬᠡᠯᠡᠭᠰᠡᠨ ᠨᠢ᠂ ᠡᠨᠡ ᠵᠢᠯ ᠠᠴᠠ ᠨᠠᠭᠠᠰᠢ᠂ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠢᠳᠡᠪᠬᠢ ᠡᠯᠧᠮᠧᠨ᠋ᠲ ᠨᠡᠮᠡᠭᠳᠡᠵᠦ᠂ ᠠᠵᠤ | ᠠᠬᠤᠢ ᠶᠢᠨ ᠣᠯᠠᠨ ᠲᠦᠷᠦᠯ ᠤᠨ ᠭᠤᠣᠯ ᠭᠦᠢᠴᠡᠳᠬᠡᠯ ᠲᠤᠭ᠎ᠠ ᠰᠠᠶᠢᠵᠢᠷᠠᠬᠤ ᠬᠠᠨᠳᠤᠰᠢ ᠲᠠᠢ ᠪᠣᠯᠪᠠ᠃ ᠣᠳᠣᠬᠠᠨ ᠳᠤ ᠶᠠᠭ ᠪᠦᠬᠦ ᠵᠢᠯ ᠤᠨ ᠰᠢᠪᠲᠤᠯᠤᠯᠲᠠ ᠶᠢᠨ | ᠵᠠᠩᠭᠢᠯᠠᠭ᠎ᠠ ᠶᠢᠨ ᠴᠠᠭ ᠪᠣᠯᠵᠣ ᠪᠠᠶᠢᠨ᠎ᠠ᠂ ᠪᠥᠬᠦ ᠬᠦᠴᠦᠨ ᠢᠶᠠᠷ ᠢᠶᠠᠨ ᠠᠬᠢᠴᠠ ᠶᠢ ᠲᠦᠷᠭᠡᠳᠬᠡᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠵᠢᠯ ᠤᠨ ᠬᠠᠷᠠᠯᠲᠠ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠾᠧ ᠬᠠᠢ ᠳ᠋ᠦᠩ ᠱᠠᠭᠠᠷᠳᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠢᠭᠲᠠᠢ ᠨᠥᠬᠦᠴᠡᠯ ᠢ ᠭᠦᠢᠴᠡᠳ ᠠᠰᠢᠭᠯᠠᠵᠤ᠂ ᠡᠷᠴᠢ ᠵᠣᠷᠢᠭ ᠢ | ᠳᠠᠶᠢᠴᠢᠯᠠᠵᠤ᠂ ᠨᠡᠩ ᠤᠯᠠᠨ ᠴᠢᠨᠠᠷ ᠰᠠᠶᠢᠲᠠᠢ ᠨᠡᠮᠡᠭᠳᠡᠯ ᠢ ᠠᠬᠢᠭᠤᠯᠬᠤ ᠬᠡᠷᠡᠭᠲᠡᠢ᠃ ᠠᠵᠤ ᠦᠢᠯᠡᠳᠪᠦᠷᠢ᠂ ᠲᠣᠭᠲᠠᠮᠠᠯ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ | ᠵᠢᠵᠢᠭᠯᠡᠨ ᠪᠤᠷᠤᠯᠠᠭᠤᠯᠤᠯᠲᠠ ᠵᠡᠷᠭᠡ ᠬᠦᠷᠢᠶᠡᠨ ᠳᠠᠬᠢ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠪᠦᠬᠦ ᠵᠢᠯ ᠳᠤ ᠨᠡᠩ ᠰᠠᠶᠢᠨ ᠠᠮᠵᠢᠯᠲᠠ ᠤᠯᠬᠤ ᠪᠠᠷ | ᠴᠢᠷᠮᠠᠶᠢᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠬᠦ ᠳᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠢᠯᠴᠢ ᠬᠠᠩᠭᠠᠬᠤ ᠪᠠᠲᠤᠯᠠᠭ᠎ᠠ ᠶᠢ | ᠴᠢᠩᠭᠠᠳᠬᠠᠵᠤ᠂ ᠢᠯᠴᠢ ᠶᠢᠨ ᠰᠤᠷᠪᠤᠯᠵᠢ ᠶᠢᠨ ᠬᠠᠮᠢᠶᠠᠷᠤᠯᠲᠠ᠂ ᠬᠤᠭᠤᠯᠠᠶ ᠲᠣᠤᠷ ᠤᠨ ᠬᠠᠮᠠᠭᠠᠯᠠᠯᠲᠠ᠂ ᠣᠨᠴᠠᠭᠠᠶ ᠠᠭᠤᠷ ᠠᠮᠢᠰᠬᠤᠯ ᠢ ᠠᠷᠭᠠᠴᠠᠬᠤ᠂ ᠢᠷᠡᠬᠦ ᠵᠢᠯ ᠤᠨ | ᠡᠭᠦᠷᠭᠡ ᠶᠢ ᠤᠷᠢᠳᠴᠢᠯᠠᠨ ᠲᠣᠬᠢᠷᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠴᠢᠩᠭᠠᠳᠬᠠᠵᠤ᠂ ᠢᠯᠴᠢ ᠬᠠᠩᠭᠠᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠢᠯᠴᠢ | ᠬᠠᠩᠭᠠᠬᠤ ᠠᠵᠤ ᠠᠬᠤᠶᠢᠯᠠᠯ ᠤᠳ ᠤᠨ ᠢᠯᠴᠢ ᠬᠠᠩᠭᠠᠬᠤ ᠠᠵᠢᠯ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠶᠠᠰᠤ | ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠭᠦᠢᠴᠡᠳᠬᠡᠬᠦ ᠠᠵᠢᠯ ᠢ ᠰᠠᠶᠢᠲᠤᠷ ᠬᠢᠵᠦ᠂ | ᠲᠤᠰ ᠲᠤᠰ ᠤᠨ ᠡᠭᠦᠷᠭᠡ ᠴᠢᠳᠠᠪᠬᠢ ᠪᠠ ᠦᠢᠯᠡᠳᠦᠯ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠵᠢᠯᠴᠠᠨ ᠬᠠᠮᠲᠤᠷᠠᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠲᠣᠭᠲᠠᠴᠠ ᠶᠢ ᠲᠡᠭᠦᠯᠳᠡᠷᠵᠢᠭᠦᠯᠬᠦ᠂ ᠠᠷᠭ᠎ᠠ ᠪᠠᠷᠢᠯ ᠢ ᠰᠢᠨᠡᠴᠢᠯᠡᠬᠦ ᠶᠢᠨ ᠬᠠᠮᠲᠤ᠂ ᠬᠠᠯᠠᠮᠰᠢᠯ ᠠᠰᠠᠭᠤᠳᠠᠯ ᠢ ᠴᠠᠭ ᠢᠮᠠᠭᠲᠠ ᠠᠩᠬᠠᠷᠴᠤ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ | ᠳᠠᠷᠤᠶ ᠭᠦᠢᠴᠡᠳᠬᠡᠬᠦ᠂ ᠬᠠᠭᠤᠳᠠᠰᠤ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠵᠦ᠂ ᠬᠠᠮᠲᠤ ᠪᠠᠷ ᠡᠨᠡ ᠵᠢᠯ ᠤᠨ ᠬᠠᠷᠠᠯᠲᠠ ᠡᠭᠦᠷᠭᠡ ᠶᠢ ᠰᠠᠶᠢᠲᠤᠷ | ᠪᠡᠶᠡᠯᠡᠭᠦᠯᠵᠦ᠂ ᠪᠦᠬᠦ ᠬᠤᠳᠠ ᠶᠢᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃ | ᠯᠢᠦ ᠵᠢᠢ ᠶᠢᠩ᠂ ᠸᠠᠩ ᠺᠦᠨ᠂ ᠸᠠᠩ ᠰᠢᠨ ᠢᠦᠢ᠂ ᠨᠢᠦ ᠹᠠᠩ ᠽᠧ᠂ ᠵᠢᠶᠤᠤ ᠬᠤᠩ᠂ ᠹᠦ᠋ ᠶᠢᠨ ᠽᠠᠢ᠂ ᠲᠠᠯ᠎ᠠ᠂ ᠭᠤᠤ ᠬᠠᠨ᠂ ᠵᠦ ᠵᠢᠶᠠᠨ ᠭᠦᠸᠧ ᠬᠤᠷᠠᠯ ᠳᠤ | ᠣᠷᠣᠯᠴᠠᠪᠠ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ | ᠬᠤᠷᠠᠯ ᠤᠨ ᠲᠠᠯᠠᠪᠠᠶ ᠲᠤᠬᠢᠷᠠᠭᠤᠯᠪᠠ᠃ | |