ᠬᠥᠬᠡᠬᠤᠲᠠ ᠶᠢᠨ ︽ᠨᠢᠭᠡ ᠪᠦᠰᠡ ᠨᠢᠭᠡ ᠵᠠᠮ︾ ᠤᠨ ᠲᠣᠭᠠᠴᠢᠯᠠᠭᠰᠠᠨ ᠣᠶᠤᠨᠴᠢ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠠᠯᠪᠢᠬᠤ ᠵᠢᠴᠢ ᠭᠡᠷ᠎ᠡ ᠲᠣᠭᠲᠠᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/12/19
      ︵ᠳᠠᠳᠤᠯᠭ᠎ᠠ ᠶᠢᠨ ᠰᠤᠷᠪᠤᠯᠵᠢᠯᠠᠭᠴᠢ ᠵᠤᠤ ᠢᠤᠢ ᠰᠢᠨ︶ 12 ᠳ᠋ᠤᠭᠠᠷ ᠰᠠᠷ᠎ᠠ ᠶᠢᠨ 16 ᠤ ᠡᠳᠦᠷ᠂ ᠬᠥᠬᠡᠬᠤᠲᠠ ᠶᠢᠨ ︽ᠨᠢᠭᠡ ᠪᠦᠰᠡ ᠨᠢᠭᠡ ᠵᠠᠮ︾ ᠤᠨ ᠲᠣᠭᠠᠴᠢᠯᠠᠭᠰᠠᠨ ᠣᠶᠤᠨᠴᠢ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠠᠯᠪᠢᠬᠤ ᠶᠣᠰᠣᠯᠠᠯ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠵᠤ᠂ ᠳᠠᠷᠠᠭ᠎ᠠ ᠨᠢ᠂ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠢᠭᠡᠳ ᠲᠢᠶᠠᠨ ᠭᠦᠩ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃      ᠤᠯᠤᠰ ᠤᠨ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ᠶᠢ ᠲᠤᠭᠤᠰᠢᠯᠠᠭᠤᠯᠵᠤ᠂ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ ᠵᠢᠴᠢ ᠲᠣᠭᠠᠴᠢᠯᠠᠭᠰᠠᠨ ᠠᠵᠤ ᠠᠬᠤᠶ ᠪᠠ ᠠᠵᠢᠯ ᠲᠥᠷᠥᠯ ᠤᠨ ᠲᠣᠮᠣ ᠵᠠᠭᠪᠤᠷ ᠤᠨ ᠬᠡᠷᠡᠭᠯᠡᠯᠲᠡ ᠶᠢ ᠪᠡᠶᠡᠯᠡᠭᠦᠯᠵᠦ ᠂ ᠣᠲᠣ ᠦᠶ᠎ᠡ ᠶᠢᠨ ᠮᠠᠯ ᠠᠵᠤ ᠠᠬᠤᠶ ᠪᠠ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠱᠧᠩ ᠵᠢᠶᠠᠨ ᠢᠮᠠᠭᠠᠨ ᠰᠦ ᠶᠢᠨ ᠪᠦᠯᠦᠭᠯᠡᠯ ᠬᠢᠭᠡᠳ ᠲᠢᠶᠠᠨ ᠭᠦᠩ ᠡᠨᠧᠷᠭᠢ ᠶᠢᠨ ᠪᠦᠯᠦᠭᠯᠡᠯ ᠨᠢ ᠬᠥᠬᠡᠬᠤᠲᠠ ᠶᠢᠨ ︽ᠨᠢᠭᠡ ᠪᠦᠰᠡ ᠨᠢᠭᠡ ᠵᠠᠮ︾ ᠤᠨ ᠲᠣᠭᠠᠴᠢᠯᠠᠭᠰᠠᠨ ᠣᠶᠣᠨᠴᠢ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠴᠣᠭᠴᠠᠯᠠᠵᠤ᠂ ᠭᠤᠤᠯᠳᠠᠭᠤ ᠡᠯ᠎ᠡ ᠲᠥᠷᠥᠯ ᠤᠨ ᠲᠣᠭᠠᠴᠢᠯᠠᠭᠰᠠᠨ ᠣᠶᠣᠨᠴᠢ ᠠᠵᠤ ᠦᠢᠯᠡᠰ ᠠᠵᠤ ᠠᠬᠤᠶᠢᠯᠠᠯ ᠤᠨ ᠬᠦᠷᠢᠶᠡᠯᠡᠩ ᠳᠤ ᠣᠷᠣᠵᠤ ᠡᠵᠡᠩᠨᠡᠬᠦ ᠵᠢᠴᠢ ᠬᠠᠮᠢᠶ᠎ᠠ ᠪᠥᠬᠦᠶ ᠦᠢᠯᠡᠳᠬᠡᠯ ᠤᠨ ᠦᠢᠯᠡᠰ ᠲᠤ ᠴᠢᠬᠤᠯᠠ ᠪᠥᠬᠦᠶ ᠪᠡᠯᠡᠳᠬᠡᠮᠵᠢ ᠪᠠ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠬᠠᠩᠭᠠᠨ᠎ᠠ᠃      ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ︽ᠨᠢᠭᠡ ᠪᠦᠰᠡ ᠨᠢᠭᠡ ᠵᠠᠮ︾ ᠤᠨ ᠲᠣᠭᠠᠴᠢᠯᠠᠭᠰᠠᠨ ᠣᠶᠤᠨᠴᠢ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠡᠬᠢᠯᠡᠭᠦᠯᠦᠭᠰᠡᠨ ᠤ ᠳᠠᠷᠠᠭ᠎ᠠ᠂ ᠰᠤᠳᠤᠯᠭᠠᠨ ᠤ ᠬᠦᠷᠢᠶᠡᠯᠡᠩ ᠤᠨ ᠬᠠᠮᠲᠤᠷᠠᠨ ᠰᠢᠨ᠎ᠡ ᠶᠢ ᠡᠭᠦᠳᠬᠦ ᠲᠥᠪ᠂ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠰᠤᠳᠤᠯᠤᠨ ᠨᠡᠭᠡᠭᠡᠬᠦ ᠪᠣᠳᠣᠯᠭ᠎ᠠ ᠶᠢᠨ ᠲᠥᠪ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢᠨ ᠬᠠᠮᠲᠤ  ᡁᠢ ᠯᠢᠶᠠᠨ ᠢᠷᠡᠭᠡᠳᠦᠶ ᠱᠧᠨᠵᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂  ᠴᠤᠤ ᠰᠢᠶᠦ᠋ᠨ ᠬᠤᠯᠪᠣᠭᠠᠨ ᠤ ᠺᠣᠮᠫᠠᠨᠢ ᠵᠡᠷᠭᠡ ᠠᠵᠤ ᠠᠬᠤᠶᠢᠯᠠᠯ ᠢ ᠬᠦᠷᠢᠶᠡᠯᠡᠩ ᠳᠤ ᠣᠷᠣᠭᠤᠯᠤᠨ ᠬᠠᠮᠲᠤᠷᠠᠯᠴᠠᠵᠤ᠂ ᠲᠣᠭᠠᠴᠢᠯᠠᠭᠰᠠᠨ ᠣᠶᠣᠨᠴᠢ ᠠᠵᠤ ᠦᠢᠯᠡᠰ ᠤᠨ ᠠᠵᠤ ᠠᠬᠤᠶᠢᠯᠠᠯ ᠤᠨ ᠬᠦᠷᠢᠶᠡᠯᠡᠩ ᠳᠤ ᠣᠷᠣᠵᠤ ᠡᠵᠡᠩᠨᠡᠬᠦ ᠵᠢᠴᠢ ᠬᠠᠮᠢᠶ᠎ᠠ ᠪᠥᠬᠦᠶ ᠦᠢᠯᠡᠳᠬᠦ ᠦᠢᠯᠡᠰ ᠤᠨ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠨᠡ ᠬᠦ ᠠᠷᠭ᠎ᠠ ᠬᠡᠮᠵᠢᠶ᠎ᠡ ᠨᠢ ᠪᠣᠬᠢᠷᠲᠤᠯ ᠦᠭᠡᠢ ᠡᠨᠧᠷᠭᠢ᠂ ᠲᠡᠷᠢᠭᠦᠨ ᠤ ᠦᠢᠯᠡᠳᠭᠡᠯ᠂ ᠤᠶᠤᠨᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠲᠣᠭᠠᠴᠢᠯᠠᠭᠰᠠᠨ ᠣᠶᠣᠨᠴᠢ ᠠᠵᠤ ᠦᠢᠯᠡᠰ ᠪᠠ ᠢᠳᠡᠭᠡᠨ ᠤ ᠠᠵᠤ ᠦᠢᠯᠡᠰ ᠤᠨ ᠬᠠᠮᠵᠢᠯᠴᠠᠬᠤ ᠶᠢ ᠴᠢᠩᠭᠠᠳᠬᠠᠵᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠲᠣᠭᠠᠴᠢᠯᠠᠭᠰᠠᠨ ᠮᠠᠯ ᠠᠵᠤ ᠠᠬᠤᠢ᠂ ᠠᠮᠢ ᠠᠬᠤᠢ ᠶᠢᠨ ᠬᠥᠭᠵᠢᠯᠲᠡ ᠶᠢ ᠤᠶᠠᠯᠳᠤᠭᠤᠯᠬᠤ ᠳᠤ ᠠᠰᠢᠭᠲᠠᠢ ᠪᠠᠶᠢᠵᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠵᠢᠴᠢ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ