ᠰᠤᠷᠪᠤᠯᠵᠢᠯᠠᠬᠴᠢ ᠭᠦᠭᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠥᠷ ᠮᠣᠩᠭᠤᠯ ᠤᠨ | ᠣᠯᠠᠨ ᠤᠯᠤᠰ ᠤᠨ ᠠᠷᠠᠯᠵᠢᠶᠠᠨ ᠤ ᠪᠦᠯᠦᠭᠯᠡᠯ ᠠᠴᠠ ᠮᠠᠰᠢᠨ ᠲᠡᠷᠭᠡᠨ ᠤ ᠰᠡᠯᠪᠢᠭ ᠲᠣᠨᠤᠭ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ | ᠭᠠᠯᠲᠤ ᠲᠡᠷᠭᠡ ᠭᠦᠭᠡᠬᠤᠲᠠ ᠶᠢᠨ ᠱᠠ ᠯᠢᠶᠠᠩ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠠᠴᠠ ᠮᠣᠷᠳᠠᠵᠤ᠂ ᠮᠠᠨᠵᠤᠤᠷ ᠬᠢᠯᠢ ᠶᠢᠨ ᠪᠣᠭᠤᠮᠲᠠ ᠪᠠᠷ | ᠳᠡᠮᠵᠢᠨ ᠣᠷᠣᠰ ᠤᠨ ᠮᠣᠰᠺᠸᠠ ᠶᠢ ᠴᠢᠭᠯᠡᠵᠡᠢ᠃ ᠡᠨᠡ ᠨᠢ 2024 ᠣᠨ ᠳᠤ ᠭᠦᠭᠡᠬᠤᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ | ᠨᠡᠪᠲᠡᠷᠡᠭᠰᠡᠨ ᠬᠡᠮᠵᠢᠶ᠎ᠡ ᠨᠢ 100 ᠡᠭᠡᠯᠵᠢ ᠶᠢ ᠳᠠᠪᠠᠵᠤ᠂ ᠵᠥᠭᠡᠭᠡᠪᠦᠷᠢ ᠶᠢᠨ ᠬᠡᠮᠵᠢᠶ᠎ᠡ ᠨᠢ 10000 ᠴᠢᠩᠭᠡᠯᠢᠭ ᠢ ᠳᠠᠪᠠᠵᠤ᠂ ᠭᠦᠭᠡᠬᠤᠲᠠ ᠶᠢᠨ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠢ ᠬᠠᠷᠠᠭᠤᠯᠵᠤ ᠪᠤᠢ᠃ | ᠡᠨᠡ ᠵᠢᠯ ᠠᠴᠠ ᠨᠠᠭᠠᠰᠢ᠂ ᠭᠦᠭᠡᠬᠤᠲᠠ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠵᠠᠮ ᠨᠡᠪᠲᠡᠷᠡᠯᠭᠡ ᠶᠢᠨ ᠳᠠᠪᠠᠭᠤᠯᠢᠭ ᠲᠠᠭᠠᠨ ᠲᠦᠰᠢᠭᠯᠡᠨ᠂ | ᠪᠣᠷᠳᠣᠭᠠᠨ ᠳᠤ ᠬᠡᠷᠡᠭᠯᠡᠬᠦ ᠪᠤᠭᠤᠳᠠᠢ ᠶᠢᠨ ᠭᠤᠯᠢᠷ ᠵᠡᠷᠭᠡ ᠰᠢᠨ᠎ᠡ ᠪᠠᠷᠠᠭᠠᠨ ᠤ ᠪᠤᠴᠠᠬᠤ ᠠᠶᠠᠯᠠᠯ ᠤᠨ ᠵᠢᠰᠢᠶᠠᠨ ᠤ ᠭᠠᠯᠲᠤ ᠲᠡᠷᠭᠡ ᠶᠢ ᠤᠷᠢᠳ ᠬᠤᠵᠢᠳ | ᠨᠠᠪᠲᠠᠷᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤ ᠨᠠᠪᠲᠠᠷᠡᠭᠦᠯᠵᠦ᠂ | ᠥᠪᠡᠷᠲᠡᠭᠡᠨ ᠵᠠᠰᠠᠬᠤ ᠣᠷᠣᠨ ᠠᠴᠠ ᠳᠤᠮᠳᠠᠳᠤ ᠡᠸᠦ᠋ᠷᠦᠫᠡ ᠶᠢᠨ ᠴᠢᠭᠯᠡᠯ ᠢᠶᠠᠷ JSQ ᠵᠢᠰᠢᠶᠠᠨ ᠤ ᠭᠠᠯᠲᠤ ᠲᠡᠷᠭᠡ ᠵᠡᠷᠭᠡ ᠶᠢ ᠠᠩᠬ᠎ᠠ ᠨᠠᠪᠲᠠᠷᠡᠭᠦᠯᠵᠦ᠂ | ᠪᠤᠴᠠᠯᠲᠠ ᠶᠢᠨ ᠵᠠᠮ ᠤᠨ ᠮᠠᠭᠠᠯᠢᠩᠭᠤ ᠶᠢᠨ ᠦᠷ᠎ᠡ ᠶᠢ ᠭᠦᠭᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠲᠤ ᠪᠠᠭᠤᠯᠭᠠᠬᠤ ᠶᠢ ᠪᠡᠶᠡᠯᠡᠭᠦᠯᠵᠡᠢ᠃ | ᠡᠭᠦᠨ ᠤ ᠬᠠᠮᠲᠤ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ ᠱᠤᠭᠤᠮ ᠢ ᠢᠳᠡᠪᠬᠢᠲᠡᠢ ᠥᠷᠭᠡᠳᠬᠡᠵᠦ᠂ ᠰᠢᠨᠵᠢᠶᠠᠩ ᠤᠨ ᠠ ᠯᠠ ᠱᠠᠨ ᠺᠧᠦ ᠶᠢᠨ | ᠬᠢᠯᠢ ᠪᠠᠷ ᠭᠠᠷᠬᠤ ᠵᠢᠰᠢᠶᠠᠨ ᠤ ᠭᠠᠯᠲᠤ ᠲᠡᠷᠭᠡᠨ ᠤ ᠨᠡᠪᠲᠡᠷᠡᠬᠦ ᠵᠠᠮ ᠢ ᠨᠠᠪᠲᠠᠷᠡᠭᠦᠯᠵᠦ᠂ ᠪᠠᠷᠠᠭᠤᠨ ᠱᠤᠭᠤᠮ ᠤᠨ ᠬᠤᠷᠭᠤᠰ᠂ ᠠ ᠯᠠ ᠱᠠᠨ ᠺᠧᠦ ᠶᠢᠨ | ᠴᠢᠭᠯᠡᠯ ᠤᠨ ᠬᠤᠣᠰ ᠨᠡᠪᠲᠡᠷᠡᠬᠦ ᠭᠠᠯᠲᠤ ᠲᠡᠷᠭᠡᠨ ᠤ ᠲᠡᠭᠡᠭᠡᠪᠦᠷᠢ ᠶᠢ ᠪᠡᠶᠡᠯᠡᠭᠦᠯᠵᠦ᠂ ᠪᠦᠭᠦ ᠤᠯᠤᠰ ᠤᠨ ᠠᠩᠬᠠᠳᠠᠭᠴᠢ ᠠ ᠯᠠ ᠱᠠᠨ ᠺᠧᠦ ᠪᠠᠷ ᠥᠩᠭᠡᠷᠡᠬᠦ | JSQ ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠪᠡ᠃ ᠠᠩᠬᠠᠳᠠᠭᠴᠢ ︽ᠲᠡᠮᠦᠷ ᠵᠠᠮ ᠤᠨ ᠪᠣᠭᠤᠮᠲᠠ ᠪᠠᠷ ᠲᠦᠷᠭᠡᠨ ᠨᠡᠪᠲᠡᠷᠡᠬᠦ︾ ᠵᠠᠭᠪᠤᠷ ᠢ ᠭᠦᠭᠡᠬᠤᠲᠠ ᠳᠤ | ᠪᠣᠳᠠᠲᠠᠶᠢᠵᠢᠭᠤᠯᠬᠤ ᠶᠢ ᠠᠬᠢᠭᠤᠯᠵᠤ᠂ ᠭᠦᠭᠡᠬᠤᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ | ᠳᠥᠭᠦᠮᠴᠢᠯᠡᠬᠦ ᠬᠡᠮᠵᠢᠶ᠎ᠡ ᠪᠣᠯᠣᠨ ᠪᠣᠭᠤᠮᠲᠠ ᠪᠠᠷ ᠲᠦᠷᠭᠡᠨ ᠥᠩᠭᠡᠷᠡᠬᠦ ᠬᠦᠴᠦᠨ ᠲᠠᠢ ᠬᠤᠭᠤᠴᠠᠭ᠎ᠠ ᠶᠢ ᠪᠦᠲᠦᠮᠵᠢᠲᠡᠶ ᠳᠡᠭᠡᠭᠰᠢᠯᠡᠭᠦᠯᠵᠡᠢ᠃ | ᠭᠦᠭᠡᠬᠤᠲᠠ ᠦᠷᠭᠦᠯᠵᠢᠯᠡᠨ ᠭᠦᠭᠡᠬᠤᠲᠠ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠳᠤᠮᠳᠠᠳᠤ ᠡᠸᠦ᠋ᠷᠦᠫᠡ ︵ᠳᠤᠮᠳᠠ ᠠᠽᠢᠶ᠎ᠠ︶ ᠶᠢᠨ | ᠵᠢᠰᠢᠶᠠᠨ ᠤ ᠭᠠᠯᠲᠤ ᠲᠡᠷᠭᠡ ᠶᠢᠨ ᠲᠦᠷᠦᠯ ᠲᠡᠮᠳᠡᠭ ᠢ ᠴᠣᠭᠴᠠᠯᠠᠬᠤ ᠶᠢᠨ ᠲᠣᠭᠤᠷᠢᠨ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠦᠢᠯᠡᠴᠢᠯᠡᠭᠡᠨ ᠤ ᠳᠠᠭᠠᠭᠠᠴᠠ ᠶᠢᠨ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠲᠥᠪᠯᠡᠷᠡᠭᠦᠯᠦᠨ ᠲᠠᠷᠬᠠᠭᠠᠬᠤ ᠲᠥᠪ ᠢ ᠪᠦᠭᠦ ᠬᠦᠴᠦ ᠪᠠᠷ ᠢᠶᠠᠨ ᠪᠦᠲᠦᠭᠡᠨ ᠪᠠᠶᠢᠭᠤᠯᠵᠤ᠂ ᠭᠦᠭᠡᠬᠤᠲᠠ ᠶᠢᠨ ︽ᠨᠢᠭᠡ ᠪᠦᠰᠡ ᠨᠢᠭᠡ ᠵᠠᠮ︾ ᠤᠨ ᠨᠡᠭᠡᠭᠡᠯᠲᠡ ᠶᠢᠨ | ᠵᠠᠮ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯᠣᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠵᠤ ᠪᠤᠢ᠃ |