ᠠᠯᠠᠱᠠ ᠠᠴᠠ ᠭᠦᠭᠡᠬᠤᠲᠠ ᠳᠤ ᠰᠢᠭᠤᠳ ᠨᠡᠪᠲᠡᠷᠡᠬᠦ ᠲᠦᠷᠭᠡᠨ ᠤ ᠵᠠᠮ ᠲᠠᠢ ᠪᠣᠯᠣᠯ᠎ᠠ
ᠨᠡᠶᠢᠲᠡᠯᠡᠭᠰᠡᠨ ᠴᠠᠭ᠄
2024/12/19
      12 ᠰᠠᠷ᠎ᠠ ᠶᠢᠨ 16 ᠤ ᠡᠳᠦᠷ᠂ G1817 ᠷᠦᠩᠴᠧᠩ ᠠᠴᠠ ᠦᠬᠠᠢ ᠬᠦᠷᠬᠦ ᠲᠦᠷᠭᠡᠨ ᠤ ᠵᠠᠮ ᠤᠨ ᠦᠬᠠᠢ ᠠᠴᠠ ᠢᠷᠭᠠᠢ ᠬᠦᠷᠬᠦ ᠬᠤᠯᠪᠤᠭ᠎ᠠ ᠱᠤᠭᠤᠮ ᠤᠨ ᠪᠠᠶᠠᠨᠬᠤᠳᠲᠤᠭ ᠠᠴᠠ ᠪᠠᠶᠠᠨᠬᠤᠲᠠ ᠬᠦᠷᠬᠦ ᠬᠡᠰᠡᠭ ᠵᠢᠩᠬᠢᠨᠢ ᠪᠠᠷ ᠨᠡᠪᠲᠡᠷᠡᠪᠡ᠃      ᠲᠣᠰ ᠲᠥᠷᠥᠯ ᠵᠦᠢᠯ ᠤᠨ ᠪᠦᠭᠦ ᠣᠷᠳᠣ ᠨᠢ 86.5 ᠺᠢᠯᠣᠮᠧᠲᠷ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 31.5 ᠳ᠋ᠦᠩᠰᠢᠭᠤᠷ ᠲᠥᠭᠦᠷᠢᠭ᠂ ᠬᠤᠣᠰ ᠴᠢᠭᠯᠡᠯᠲᠦ ᠳᠥᠷᠪᠡᠨ ᠲᠡᠷᠭᠡᠨ ᠵᠠᠮ ᠤᠨ ᠲᠦᠷᠭᠡᠨ ᠤ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠪᠠ᠃ ᠭᠤᠣᠯ ᠱᠤᠭᠤᠮ ᠨᠢ ᠪᠠᠶᠠᠨᠬᠤᠳᠲᠤᠭ ᠤᠨ ᠰᠦᠢᠳᠬᠡᠯ ᠬᠤᠷᠢᠶᠠᠬᠤ ᠦᠷᠲᠡᠭᠡ ᠠᠴᠠ ᠡᠬᠢᠯᠡᠵᠦ᠂ ᠨᠢᠭᠡᠨᠲᠡ ᠪᠠᠶᠢᠭᠤᠯᠤᠭᠰᠠᠨ ᠦᠬᠠᠢ ᠠᠴᠠ ᠢᠷᠭᠠᠢ ᠬᠦᠷᠬᠦ ᠲᠦᠷᠭᠡᠨ ᠤ ᠵᠠᠮ ᠤᠨ ᠤᠳᠠ ᠶᠢᠨ ᠲᠣᠬᠤᠢ ᠲᠣᠭᠤᠷᠢᠭ ᠠᠴᠠ ᠱᠢ ᠲᠠᠨ ᠵᠢᠩ ᠬᠦᠷᠬᠦ ᠬᠡᠰᠡᠭ ᠢ ᠬᠤᠯᠪᠣᠵᠤ᠂ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤ᠂ ᠮᠥᠷᠡᠨ ᠭᠤᠣᠯ ᠰᠤᠮᠤ ᠵᠡᠷᠭᠡ ᠪᠠᠷ ᠥᠩᠭᠡᠷᠡᠨ ᠪᠠᠶᠠᠨᠬᠤᠲᠠ ᠬᠦᠷᠴᠦ᠂ ᠨᠢᠭᠡᠨᠲᠡ ᠪᠠᠶᠢᠭᠤᠯᠤᠭᠰᠠᠨ ᠦᠬᠠᠢ ᠠᠴᠠ ᠢᠷᠭᠠᠢ ᠬᠦᠷᠬᠦ ᠲᠦᠷᠭᠡᠨ ᠤ ᠵᠠᠮ ᠤᠨ ᠪᠠᠶᠠᠨᠬᠤᠲᠠ ᠠᠴᠠ ᠢᠷᠭᠠᠢ ᠬᠦᠷᠬᠦ ᠬᠡᠰᠡᠭ ᠲᠤ ᠬᠤᠯᠪᠣᠵᠤ ᠪᠠᠶᠢᠨ᠎ᠠ᠃      ᠲᠣᠰ ᠲᠥᠷᠥᠯ ᠵᠦᠢᠯ ᠪᠣᠯ ᠪᠠᠷᠠᠭᠤᠨ ᠣᠷᠣᠨ ᠤ ᠡᠬᠡ ᠬᠠᠭᠤᠷᠠᠢ ᠪᠠ ᠲᠡᠯᠡᠶ ᠲᠠᠩᠭᠢᠰ ᠢ ᠬᠤᠯᠪᠣᠭᠰᠠᠨ ᠰᠢᠨ᠎ᠡ ᠨᠡᠪᠲᠡᠷᠡᠬᠦ ᠵᠠᠮ ᠤᠨ ᠴᠢᠬᠤᠯᠠ ᠬᠡᠰᠡᠭ ᠪᠠᠶᠢᠵᠤ᠂ ᠠᠯᠠᠱᠠ ᠠᠶᠢᠮᠠᠭ ᠠᠴᠠ ᠲᠦᠷᠭᠡᠨ ᠤ ᠵᠠᠮ ᠢᠶᠠᠷ ᠭᠦᠭᠡᠬᠤᠲᠠ ᠳᠤ ᠰᠢᠭᠤᠳ ᠬᠦᠷᠬᠦ ᠶᠢ ᠪᠡᠶᠡᠯᠡᠭᠦᠯᠵᠡᠢ᠂ ᠡᠨᠡ ᠨᠢ ᠣᠷᠣᠨ ᠪᠦᠰᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠵᠠᠮ ᠳᠠᠭᠠᠤ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ ᠤᠨ ᠦᠢᠯᠡᠰ ᠢ ᠨᠡᠭᠡᠭᠡᠨ ᠬᠥᠭᠵᠢᠭᠦᠯᠬᠦ ᠪᠠ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ