ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠠᠵᠢᠯ ᠢ ᠤᠯᠠᠮ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠦᠴᠢᠷᠳᠡᠯ ᠳᠤ | ᠲᠤᠯᠭᠠᠷᠠᠭᠰᠠᠨ ᠵᠠᠯᠠᠭᠤᠴᠤᠳ ᠪᠠᠭᠠᠴᠤᠳ ᠲᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠲᠦᠷᠦᠭᠦᠬᠡᠨ ᠭᠦᠭᠡᠬᠤᠳᠠ ᠶᠢᠨ ᠡᠪᠯᠡᠯ ᠤᠨ ᠬᠤᠷᠢᠶ᠎ᠠ ᠲᠤᠮᠳᠠᠳᠤ | ᠤᠯᠤᠰ ᠤᠨ ᠪᠠᠷᠢᠯᠭ᠎ᠠ ᠭᠠᠷᠠᠮ ᠠᠭᠠᠷ ᠤᠨ ᠠᠶᠠᠯᠠᠯ ᠤᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠢᠴᠢ ᠨᠡᠶᠢᠭᠡᠮ ᠤᠨ ᠬᠠᠯᠠᠭᠤᠨ ᠰᠡᠳᠬᠢᠯᠲᠦ | ᠬᠥᠮᠥᠰ ᠤᠨ ᠲᠥᠯᠥᠭᠡᠯᠡᠭᠴᠢᠳ ᠲᠠᠢ ᠭᠠᠷ ᠬᠤᠯᠪᠣᠯᠴᠠᠨ ᠭᠦᠭᠡᠬᠤᠳᠠ ᠶᠢᠨ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ 20 | ᠠᠮᠢᠳᠤᠷᠠᠯ ᠬᠦᠴᠢᠷᠳᠡᠯᠲᠡᠢ ᠵᠠᠯᠠᠭᠤᠴᠤᠳ ᠪᠠᠭᠠᠴᠤᠳ ᠤᠨ ︽ᠪᠢᠴᠢᠯ ᠬᠦᠰᠡᠯ︾ ᠢ ᠪᠡᠶᠡᠯᠡᠭᠦᠯᠪᠡ᠃ | ᠴᠠᠭᠢᠯᠭᠠᠨ ᠬᠦᠷᠳᠦᠲᠦ ᠰᠠᠨᠳᠠᠯᠢ᠂ ᠪᠢᠴᠢᠭ ᠤᠨ ᠰᠢᠷᠡᠭᠡ᠂ ᠨᠢᠭᠡ ᠢᠵᠢ ᠬᠢᠴᠢᠶᠡᠯ ᠤᠨ ᠭᠠᠳᠠᠨᠠᠬᠢ ᠤᠩᠰᠢᠬᠤ ᠨᠣᠮ᠂ ᠨᠢᠭᠡ ᠪᠠᠭᠤᠤ ᠴᠠᠭ᠂ ᠨᠢᠭᠡ ᠬᠤᠣᠰ | ᠬᠥᠯ ᠪᠥᠮᠪᠥᠭᠡᠨ ᠱᠠᠬᠠᠢ ᠁ ᠬᠠᠶᠢᠷ᠎ᠠ ᠪᠢᠯᠬᠠᠭᠰᠠᠨ ᠡᠳ᠋ ᠪᠣᠳᠠᠰ ᠨᠢ ᠬᠡᠦᠬᠡᠳ ᠤᠳ ᠤᠨ ᠥᠴᠥᠬᠡᠨ ᠬᠦᠰᠡᠯ ᠤᠨ ᠪᠡᠶᠡᠯᠡᠭᠳᠡᠯ ᠪᠣᠯᠵᠤ᠂ ᠲᠡᠳᠡᠨ ᠤ | ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠨ᠎ᠠ᠃ | ᠬᠦᠴᠢᠷᠳᠡᠯᠲᠡᠢ ᠵᠠᠯᠠᠭᠤᠴᠤᠳ ᠪᠠᠭᠠᠴᠤᠳ ᠤᠨ ︽ᠪᠢᠴᠢᠯ ᠬᠦᠰᠡᠯ ᠢ ᠪᠡᠶᠡᠯᠡᠭᠦᠯᠬᠦ︾ ᠠᠵᠢᠯᠯᠠᠭ᠎ᠠ ᠪᠣᠯ ᠭᠦᠭᠡᠬᠤᠳᠠ ᠶᠢᠨ ᠡᠪᠯᠡᠯ ᠤᠨ ᠬᠤᠷᠢᠶ᠎ᠠ ᠠᠴᠠ | ᠵᠣᠬᠢᠶᠠᠨ ᠪᠠᠶᠢᠭᠤᠯᠤᠭᠰᠠᠨ ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠨᠡᠷᠡᠲᠦ ᠲᠦᠷᠦᠯ ᠲᠡᠮᠳᠡᠭ ᠪᠣᠯᠣᠨ᠎ᠠ᠃ ᠲᠡᠷᠡ | ᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠲᠦᠷᠦᠯ ᠤᠨ ᠡᠬᠢ | ᠪᠠᠶᠠᠯᠢᠭ ᠢ ᠨᠡᠶᠢᠳᠬᠡᠵᠦ᠂ ᠵᠠᠯᠠᠭᠤᠴᠤᠳ ᠪᠠᠭᠠᠴᠤᠳ ᠢ ᠬᠠᠪᠰᠤᠷᠤᠨ ᠪᠠᠭ᠎ᠠ ᠬᠦᠴᠢᠷᠳᠡᠯ ᠢ ᠨᠢ ᠰᠢᠢᠳᠪᠦᠷᠢᠯᠡᠨ᠂ ᠪᠠᠭ᠎ᠠ ᠬᠡᠷᠡᠭᠴᠡᠭᠡ ᠶᠢ ᠨᠢ ᠬᠠᠩᠭᠠᠵᠤ᠂ ᠪᠠᠭ᠎ᠠ | ᠬᠦᠰᠡᠯ ᠢ ᠨᠢ ᠲᠡᠷᠭᠡᠯᠰᠢᠭᠦᠯᠵᠦ᠂ ᠶᠡᠭᠡ ᠵᠡᠭᠦᠳᠦ ᠶᠢ ᠨᠢ ᠲᠡᠷᠭᠡᠯᠰᠢᠭᠦᠯᠬᠦ ᠪᠠᠷ ᠭᠤᠣᠯ ᠵᠣᠷᠢᠯᠲᠠ ᠪᠠᠨ ᠪᠣᠯᠭᠠᠪᠠ᠃ ᠲᠤᠰ ᠲᠦᠷᠦᠯ ᠵᠦᠢᠯ ᠢ ᠬᠡᠷᠡᠭᠵᠢᠭᠦᠯᠦᠭᠰᠡᠨ | ᠨᠢᠭᠡ ᠵᠢᠯ ᠤᠨ ᠲᠤᠷᠰᠢ᠂ ᠬᠠᠯᠠᠭᠤᠨ ᠰᠡᠳᠬᠢᠯᠲᠦ ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠬᠢᠴᠠᠭᠤᠯᠵᠤ 10 ᠲᠦᠮᠡ ᠭᠠᠷᠤᠢ | ᠲᠥᠭᠦᠷᠢᠭ ᠴᠤᠭᠯᠠᠭᠤᠯᠤᠨ ᠬᠦᠴᠢᠷᠳᠡᠯᠲᠡᠢ ᠵᠠᠯᠠᠭᠤᠴᠤᠳ ᠪᠠᠭᠠᠴᠤᠳ ᠤᠨ ︽ᠪᠢᠴᠢᠯ ᠬᠦᠰᠡᠯ︾ ᠢ ᠲᠡᠷᠭᠡᠯᠰᠢᠭᠦᠯᠪᠡ᠃ | ᠡᠨᠡᠬᠦ ᠠᠵᠢᠯᠯᠠᠭ᠎ᠠ ᠨᠢ ᠬᠡᠦᠬᠡᠳ ᠲᠤ ᠡᠳ᠋ ᠪᠣᠳᠠᠰ ᠤᠨ ᠲᠠᠯ᠎ᠠ ᠪᠠᠷ ᠬᠠᠯᠠᠮᠵᠢᠯᠠᠯ ᠬᠦᠷᠭᠡᠭᠰᠡᠨ ᠢᠶᠠᠷ ᠪᠠᠷᠠᠬᠤ ᠦᠭᠡᠢ᠂ ᠨᠠᠩ ᠴᠤ ᠣᠶᠤᠨ ᠰᠠᠨᠠᠭᠠᠨ ᠤ | ᠲᠠᠯ᠎ᠠ ᠶᠢᠨ ᠲᠠᠶᠢᠳᠬᠤᠷᠠᠭᠤᠯᠤᠯ ᠵᠣᠷᠢᠭᠵᠢᠭᠤᠯᠤᠯ ᠪᠣᠯᠵᠤ᠂ ᠢᠳᠡᠪᠬᠢᠲᠡᠢ ᠪᠠᠶᠠᠰᠤᠩᠭᠤᠢ ᠠᠮᠢᠳᠤᠷᠠᠬᠤᠢ ᠶᠢᠨ ᠦᠵᠡᠯᠲᠡ ᠶᠢ ᠬᠥᠮᠥᠵᠢᠭᠦᠯᠪᠡ᠃ |