2024 ᠣᠨ ᠳᠤ ᠣᠷᠣᠨ ᠤ ᠲᠥᠪ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠠᠩᠬ᠎ᠠ ᠤᠳᠠᠭ᠎ᠠ 38 ᠳ᠋ᠦᠩᠰᠢᠭᠤᠷ ᠵᠢᠩ ᠢ ᠳᠠᠪᠠᠪᠠ
ᠨᠡᠶᠢᠲᠡᠯᠡᠭᠰᠡᠨ ᠴᠠᠭ᠄
2024/12/19
       ︵ᠰᠤᠷᠪᠤᠯᠵᠢᠯᠠᠭᠴᠢ ᠮᠢᠶᠤᠤ ᠰᠢᠨ︶ 12 ᠳ᠋ᠤᠭᠠᠷ ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠣᠶᠢᠯᠭᠠᠭᠰᠠᠨ ᠢᠶᠠᠷ᠂ 2024 ᠣᠨ ᠳᠤ ᠬᠥᠬᠡᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠠᠩᠬ᠎ᠠ ᠤᠳᠠᠭ᠎ᠠ 38 ᠳ᠋ᠦᠩᠰᠢᠭᠤᠷ ᠵᠢᠩ ᠢ ᠳᠠᠪᠠᠵᠤ᠂ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃ ᠠᠮᠤ ᠪᠤᠳᠠᠭᠠᠨ ᠤ ᠲᠠᠯᠠᠪᠠᠢ᠂ ᠶᠡᠷᠦᠩᠬᠡᠢ ᠤᠨᠠᠯᠲᠠ᠂ ᠲᠠᠯᠠᠪᠠᠢ ᠨᠢᠭᠡᠴᠢ ᠶᠢᠨ ᠤᠨᠠᠯᠲᠠ ᠴᠥᠮ ᠲᠣᠭᠲᠠᠭᠤᠨ ᠢᠶᠠᠷ ᠳᠡᠭᠡᠭᠰᠢᠯᠡᠪᠡ᠃      2024 ᠣᠨ ᠳᠤ ᠬᠦᠬᠡᠬᠤᠲᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠠᠨ  ᠰᠢᠭᠤᠷᠬᠠᠢ ᠡᠭᠦᠷᠭᠡᠯᠡᠵᠦ᠂ ︽ᠠᠮᠤ ᠪᠤᠳᠠᠭ᠎ᠠ ᠶᠢ ᠪᠠᠲᠤᠯᠠᠬᠤ ᠳᠤ ᠭᠠᠵᠠᠷ ᠰᠢᠷᠤᠢ ᠳᠤ ᠲᠦᠰᠢᠭᠯᠡᠵᠦ᠂ ᠠᠮᠤ ᠪᠤᠳᠠᠭ᠎ᠠ ᠶᠢ ᠪᠠᠲᠤᠯᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ︽ᠲᠠᠪᠤᠨ ᠰᠠᠶᠢᠨ︾ ᠤ ᠪᠦᠷᠢᠯᠳᠦᠬᠦ ᠶᠢ ᠠᠬᠢᠭᠤᠯᠵᠤ᠂ ᠴᠠᠭ ᠲᠤᠬᠠᠢ ᠳᠤ ᠨᠢ ᠡᠯ᠎ᠡ ᠵᠦᠢᠯ ᠤᠨ ᠲᠠᠷᠢᠶᠠᠯᠠᠩ ᠢ ᠬᠠᠷᠠᠭᠠᠯᠵᠠᠬᠤ ᠨᠥᠬᠦᠪᠦᠷᠢ 6.24 ᠳ᠋ᠦᠩᠰᠢᠭᠤᠷ ᠲᠥᠭᠦᠷᠢᠭ ᠪᠠᠭᠤᠯᠭᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠢ ᠳᠡᠭᠡᠭᠰᠢᠯᠡᠭᠦᠯᠦᠨ᠂ ᠣᠷᠣᠨ ᠨᠤᠲᠤᠭ ᠤᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠪᠠᠲᠤᠯᠠᠵᠠᠢ᠃ ᠪᠦᠷᠢᠳᠬᠡᠯ ᠢ ᠦᠨᠳᠦᠰᠦᠯᠡᠪᠡᠯ᠂ 2024 ᠤᠨ ᠳᠤ ᠪᠦᠬᠦ ᠬᠤᠳᠠ ᠶᠢᠨ ᠠᠮᠤ ᠪᠤᠳᠠᠭ᠎ᠠ ᠲᠠᠷᠢᠭᠰᠠᠨ ᠲᠠᠯᠠᠪᠠᠢ  509.8 ᠲᠦᠮᠡᠨ ᠮᠤ᠋ ᠬᠦᠷᠴᠦ᠂ ᠳᠡᠭᠡᠷ᠎ᠡ ᠵᠢᠯ ᠠᠴᠠ 4.6 ᠲᠦᠮᠡᠨ ᠮᠤ᠋ ᠨᠡᠮᠡᠭᠳᠡᠪᠡ᠃ ᠠᠮᠤ ᠪᠤᠳᠠᠭᠠᠨ ᠤ ᠤᠨᠠᠯᠲᠠ 38.98 ᠳ᠋ᠦᠩᠰᠢᠭᠤᠷ ᠵᠢᠩ ᠬᠦᠷᠴᠦ ᠂ ᠳᠡᠭᠡᠷ᠎ᠡ ᠵᠢᠯ ᠠᠴᠠ 1.14 ᠳ᠋ᠦᠩᠰᠢᠭᠤᠷ ᠵᠢᠩ ᠨᠡᠮᠡᠭᠳᠡᠵᠦ ᠂ ᠨᠡᠮᠡᠭᠳᠡᠴᠡ ᠨᠢ 3% ᠬᠦᠷᠴᠡᠢ ᠃ ᠠᠮᠤ ᠪᠣᠳᠠᠭᠠᠨ ᠤ ᠨᠢᠭᠡᠴᠢ ᠤᠨᠠᠯᠲᠠ 764.8 ᠵᠢᠩ \ ᠮᠦ ᠬᠦᠷᠴᠦ ᠂ ᠳᠡᠭᠡᠷ᠎ᠡ ᠵᠢᠯ ᠠᠴᠠ 15.7 ᠵᠢᠩ \ ᠮᠦ ᠨᠡᠮᠡᠭᠳᠡᠵᠡᠢ ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ