ᠪᠣᠣ ᠭᠠᠩ ᠾᠧ ᠬᠠᠢ ᠳ᠋ᠦᠩ ᠠᠰᠢᠭᠯᠠᠯᠲᠠ ᠳᠤ ᠣᠷᠣᠭᠤᠯᠬᠤ ᠶᠣᠰᠣᠯᠠᠯ ᠳᠤ ᠣᠷᠣᠯᠴᠠᠪᠠ | ︵ᠰᠤᠷᠪᠤᠯᠵᠢᠯᠠᠭᠴᠢ ᠭᠧᠩ ᠰᠢᠨ︶ 12 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠮᠧᠩ ᠮᠠ ᠣᠶᠤᠨᠴᠢ ᠲᠣᠨᠣᠭᠯᠠᠯ ᠦᠢᠯᠡᠳᠬᠦ ᠬᠢᠵᠠᠭᠠᠷᠲᠤ ᠺᠣᠮᠫᠠᠨᠢ ᠶᠢᠨ | ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠬᠤᠷᠢᠨᠭᠡᠷ ᠰᠢᠨ᠎ᠡ ᠲᠣᠭᠤᠷᠢᠭ ᠲᠤ ᠠᠰᠢᠭᠯᠠᠯᠲᠠ ᠳᠤ ᠣᠷᠣᠪᠠ᠃ ᠲᠣᠰ ᠲᠥᠷᠥᠯ | ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠤᠷᠤᠭᠤᠯᠤᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠣᠳᠣᠯᠭ᠎ᠠ ᠶᠢᠨ ᠴᠠᠬᠢᠯᠭᠠᠨ ᠤ ᠲᠣᠭᠠᠴᠢᠯᠠᠭᠰᠠᠨ ᠲᠣᠨᠣᠭᠯᠠᠯ ᠦᠢᠯᠡᠳᠬᠦ | ᠠᠵᠤ ᠦᠢᠯᠡᠰ ᠤᠨ ᠲᠥᠪᠯᠡᠷᠡᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠤᠯᠠᠮ ᠨᠢᠭᠡ ᠠᠯᠬᠤᠮ | ᠪᠤᠵᠠᠭᠠᠶᠢᠷᠠᠭᠤᠯᠬᠤ᠂ ᠪᠣᠳᠣᠯᠭ᠎ᠠ ᠶᠢᠨ ᠬᠦᠴᠦᠨ ᠴᠠᠬᠢᠯᠭᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠨᠠᠷ ᠶᠣᠰᠣᠯᠠᠯ ᠳᠤ ᠣᠷᠣᠯᠴᠠᠪᠠ᠃ | ᠮᠧᠩ ᠮᠠ ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠬᠤᠷᠢᠨᠭᠡᠷ ᠰᠢᠨ᠎ᠡ ᠲᠣᠭᠤᠷᠢᠭ ᠤᠨ ᠪᠣᠳᠣᠯᠭ᠎ᠠ ᠶᠢᠨ ᠴᠠᠬᠢᠯᠭᠠᠨ ᠲᠣᠭᠠᠴᠢᠯᠠᠭᠰᠠᠨ | ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠪᠥᠬᠦ ᠬᠤᠲᠠ ᠶᠢᠨ ᠡᠯᠧᠺᠲᠷᠣᠨ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ | ᠲᠡᠷᠢᠭᠦᠯᠡᠬᠦ ᠲᠥᠷᠥᠯ ᠵᠦᠢᠯ ᠪᠣᠯᠤᠨ᠎ᠠ᠃ ᠲᠥᠷᠥᠯ ᠵᠦᠢᠯ ᠤᠨ ᠨᠢ 5 ᠳ᠋ᠦᠩᠰᠢᠭᠤᠷ ᠲᠥᠭᠦᠷᠢᠭ ᠶᠡᠷᠦᠩᠬᠡᠶ ᠪᠡᠯᠡ ᠣᠷᠣᠭᠤᠯᠤᠯᠲᠠ ᠲᠠᠢ ᠪᠠᠶᠢᠵᠤ᠂ ᠭᠤᠣᠯᠳᠠᠭᠤ ᠣᠶᠤᠨᠴᠢ | ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠤ ᠴᠠᠬᠢᠯᠭᠠᠨ ᠰᠣᠯᠢᠬᠤ ᠲᠥᠬᠦᠭᠡᠷᠦᠮᠵᠢ᠂ ᠤᠶᠤᠨᠴᠢᠯᠠᠭᠰᠠᠨ ᠴᠠᠬᠢᠯᠭᠠᠨ ᠬᠡᠢ ᠶᠢᠨ ᠲᠥᠬᠦᠭᠡᠷᠦᠮᠵᠢ᠂ | ᠤᠶᠤᠨᠴᠢᠯᠠᠭᠰᠠᠨ ᠰᠦᠢᠳᠬᠡᠯ ᠬᠤᠷᠢᠶᠠᠬᠤ ᠲᠥᠬᠦᠭᠡᠷᠦᠮᠵᠢ᠂ ᠰᠡᠷᠡᠨ ᠬᠡᠮᠵᠢᠬᠦ ᠲᠥᠬᠦᠭᠡᠷᠦᠮᠵᠢ᠂ ᠤᠶᠤᠨᠴᠢᠯᠠᠭᠰᠠᠨ ᠬᠠᠶᠢᠷᠴᠠᠭ ᠮᠠᠶᠠᠭ ᠤᠨ ᠬᠦᠴᠦᠳᠡᠯ ᠥᠭᠡᠷᠡᠴᠢᠯᠡᠭᠴᠢ᠂ ᠡᠨᠧᠷᠭᠢ | ᠬᠠᠳᠠᠭᠠᠯᠠᠬᠤ ᠰᠢᠰᠲ᠋ᠧᠮ ᠵᠡᠷᠭᠡ ᠡᠯ᠎ᠡ ᠲᠥᠷᠥᠯ ᠤᠨ ᠪᠣᠳᠣᠯᠭ᠎ᠠ ᠶᠢᠨ ᠴᠠᠬᠢᠯᠭᠠᠨ ᠤ ᠣᠶᠣᠨᠴᠢ ᠲᠥᠬᠦᠭᠡᠷᠦᠮᠵᠢ ᠦᠢᠯᠡᠳᠪᠦᠷᠢᠯᠡᠳᠡᠭ᠃ ᠲᠦᠷᠦᠯ ᠵᠦᠢᠯ ᠢ ᠪᠦᠬᠦᠨ ᠢ ᠪᠠᠶᠢᠭᠤᠯᠵᠤ | ᠳᠠᠭᠤᠰᠬᠠᠭᠰᠠᠨ ᠤ ᠳᠠᠷᠠᠭ᠎ᠠ ᠵᠢᠯ ᠳᠤ ᠡᠯ᠎ᠡ ᠲᠥᠷᠥᠯ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ 4000 ᠰᠠᠭᠤᠷᠢ᠂ ᠣᠶᠤᠨᠴᠢᠯᠠᠭᠰᠠᠨ ᠵᠠᠮ ᠬᠠᠷᠢᠯᠴᠠᠭᠠᠨ ᠤ ᠲᠥᠬᠦᠭᠡᠷᠦᠮᠵᠢ | 3000 ᠰᠠᠭᠤᠷᠢ᠂ ᠡᠨᠧᠷᠭᠢ ᠬᠠᠳᠠᠭᠠᠯᠠᠬᠤ ᠲᠥᠬᠦᠭᠡᠷᠦᠮᠵᠢ 7GWh ᠶᠢᠨ ᠦᠢᠯᠡᠳᠪᠦᠷᠢᠯᠡᠬᠦ ᠴᠢᠳᠠᠪᠤᠷᠢ ᠲᠠᠢ ᠪᠠᠶᠢᠵᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ | 40 ᠳ᠋ᠦᠩᠰᠢᠭᠤᠷ ᠲᠥᠭᠦᠷᠢᠭ ᠢ ᠳᠠᠪᠠᠨ᠎ᠠ᠃ | ᠲᠤᠰ ᠲᠦᠷᠦᠯ ᠵᠦᠢᠯ ᠤᠨ ᠪᠠᠶᠢᠭ᠎ᠠ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠴᠠᠬᠢᠯᠭᠠᠨ ᠤ ᠲᠣᠭᠠᠴᠢᠯᠠᠭᠰᠠᠨ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ 284 ᠮᠦ ᠭᠠᠵᠠᠷ ᠡᠵᠡᠯᠡᠵᠦ᠂ ᠭᠤᠣᠯᠳᠠᠭᠤ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠬᠦᠴᠦᠷᠬᠡᠭ ᠶᠡᠭᠡ ᠪᠣᠬᠢᠷᠲᠤᠯ ᠦᠭᠡᠢ ᠪᠣᠳᠣᠯᠭ᠎ᠠ ᠶᠢᠨ | ᠳᠠᠪᠠᠭᠤᠯᠢᠭ ᠵᠢᠴᠢ ᠯᠤᠲᠤ ᠶᠡᠭᠡ ᠵᠠᠬ᠎ᠠ ᠳᠡᠯᠭᠡᠭᠦᠷ ᠤᠨ ᠬᠡᠷᠡᠭᠴᠡᠭᠡ ᠳᠤ ᠲᠦᠰᠢᠭᠯᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠮᠣᠳᠧᠯᠴᠢᠯᠠᠭᠰᠠᠨ ᠴᠠᠬᠢᠯᠭᠠᠨ ᠬᠦᠴᠦᠨ ᠤ | ᠲᠣᠨᠣᠭᠯᠠᠯ ᠦᠢᠯᠡᠳᠬᠦ᠂ ᠴᠠᠬᠢᠯᠭᠠᠨ ᠲᠣᠣᠷ ᠤᠨ ᠲᠣᠨᠣᠭᠯᠠᠯ ᠦᠢᠯᠡᠳᠬᠦ ᠵᠡᠷᠭᠡ ᠪᠣᠳᠣᠯᠭ᠎ᠠ ᠶᠢᠨ ᠴᠠᠬᠢᠯᠭᠠᠨ ᠤ ᠲᠣᠭᠠᠴᠢᠯᠠᠭᠰᠠᠨ ᠲᠥᠬᠦᠭᠡᠷᠦᠮᠵᠢ ᠦᠢᠯᠡᠳᠬᠦ ᠠᠵᠤ ᠦᠢᠯᠡᠰ ᠢ | ᠪᠦᠳᠦᠭᠡᠨ ᠪᠠᠶᠢᠭᠤᠯᠵᠤ᠂ ᠣᠳᠣᠬᠠᠨ ᠳᠤ ᠨᠢᠭᠡᠨᠲᠡ 8 ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 15.5 ᠳ᠋ᠦᠩᠰᠢᠭᠤᠷ | ᠲᠥᠭᠦᠷᠢᠭ ᠲᠤ ᠬᠦᠷᠴᠦ᠂ ᠦᠢᠯᠡᠳᠪᠦᠷᠢᠯᠡᠭᠰᠡᠨ ᠤ ᠳᠠᠷᠠᠭᠠᠬᠢ ᠶᠡᠷᠦᠩᠬᠡᠢ ᠥᠷᠲᠡᠭ ᠨᠢ ᠪᠠᠷᠤᠭ 75 ᠳ᠋ᠦᠩᠰᠢᠭᠤᠷ ᠲᠥᠭᠦᠷᠢᠭ ᠲᠤ ᠬᠦᠷᠦᠨ᠎ᠡ᠃ | ᠠᠰᠢᠭᠯᠠᠯᠲᠠ ᠳᠤ ᠣᠷᠣᠭᠤᠯᠬᠤ ᠶᠣᠰᠣᠯᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠤᠰ ᠲᠤᠰ | ᠸᠠᠨ ᠪᠠᠩ ᠪᠦᠯᠦᠭᠯᠡᠯ ᠲᠠᠢ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠵᠥᠪᠯᠡᠯᠴᠡᠭᠡᠷ᠂ ᠬᠡᠶᠢᠰᠪᠦᠷᠢ ᠴᠠᠬᠢᠯᠭᠠᠨ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ | ᠴᠢᠨᠠᠭᠰᠢᠳᠠ ᠭᠦᠨᠵᠡᠭᠡᠶᠢᠷᠡᠭᠦᠯᠵᠡᠢ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ | ᠪᠦᠯᠦᠭᠯᠡᠯ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠬᠤᠲᠠ ᠶᠢᠨ ᠤᠳᠤᠷᠢᠳᠤᠯᠭ᠎ᠠ ᠼᠤᠤ ᡁᠢ᠂ ᠲᠠᠯ᠎ᠠ᠂ ᠵᠦ | ᠵᠢᠶᠠᠨ ᠭᠦᠸᠧ ᠣᠷᠣᠯᠴᠠᠵᠠᠶ᠃ |