ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠷᠣᠨ ᠨᠤᠲᠤᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨᠡᠴᠢᠯᠡᠯᠲᠡ ᠶᠢᠨ ᠨᠡᠷᠡᠲᠦ ᠲᠡᠮᠲᠡᠭᠲᠦ  ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ ᠮᠠᠨ ᠤ ᠬᠤᠲᠠ ᠳᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/12/2
ᠪᠣᠣ ᠭᠠᠩ ᠾᠧ ᠬᠠᠢ ᠳ᠋ᠦᠩ ᠠᠰᠢᠭᠯᠠᠯᠲᠠ ᠳᠤ ᠣᠷᠣᠭᠤᠯᠬᠤ ᠶᠣᠰᠣᠯᠠᠯ ᠳᠤ ᠣᠷᠣᠯᠴᠠᠪᠠ      ︵ᠰᠤᠷᠪᠤᠯᠵᠢᠯᠠᠭᠴᠢ ᠭᠧᠩ ᠰᠢᠨ︶ 12 ᠳ᠋ᠤᠭᠠᠷ ᠰᠠᠷ᠎ᠠ ᠶᠢᠨ 1 ᠤ ᠡᠳᠦᠷ᠂ ᠴᠧᠩ ᠮᠠᠢ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠪᠡᠯᠡ ᠣᠷᠣᠭᠤᠯᠵᠤ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠷᠣᠨ ᠨᠤᠲᠤᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨᠡᠴᠢᠯᠡᠯᠲᠡ ᠶᠢᠨ ᠨᠡᠷᠡᠲᠦ ᠲᠡᠮᠲᠡᠭᠲᠦ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠣᠰᠣᠯᠠᠯ ᠬᠤᠷᠢᠨᠭᠡᠷ ᠰᠢᠨ᠎ᠡ ᠲᠣᠭᠤᠷᠢᠭ ᠲᠤ ᠶᠠᠪᠤᠭᠳᠠᠪᠠ᠃ ᠲᠣᠰ ᠲᠥᠷᠥᠯ ᠵᠦᠢᠯ ᠨᠢ ᠮᠠᠨ ᠤ ᠣᠷᠣᠨ ᠤ ᠣᠷᠣᠨ ᠨᠤᠲᠤᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨᠡᠴᠢᠯᠡᠯᠲᠡ ᠶᠢᠨ ᠨᠡᠷᠡᠲᠦ ᠲᠡᠮᠲᠡᠭᠲᠦ  ᠺᠣᠮᠫᠢᠦ᠋ᠲ᠋ᠧᠷ ᠤᠨ  ᠬᠤᠭᠤᠰᠣᠨ ᠵᠠᠢ ᠶᠢ ᠨᠥᠬᠦᠪᠥᠷᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠶᠣᠰᠣᠯᠠᠯ ᠳᠤ ᠣᠷᠣᠯᠴᠠᠪᠠ᠃      ᠴᠧᠩ ᠮᠠᠢ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠬᠥᠬᠡᠬᠤᠲᠠ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨᠡᠴᠢᠯᠡᠯᠲᠡ ᠶᠢᠨ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠨᠢ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠯᠠᠵᠤ᠂ ᠭᠤᠣᠯᠳᠠᠭᠤ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨᠡᠴᠢᠯᠡᠯᠲᠡ ᠶᠢᠨ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ᠂ ᠪᠠᠶᠢᠴᠠᠭᠠᠨ ᠰᠢᠯᠭᠠᠬᠤ ᠲᠥᠪ᠂ ᠬᠠᠮᠲᠤᠷᠠᠨ ᠰᠤᠳᠤᠯᠤᠨ ᠨᠡᠭᠡᠭᠡᠬᠦ ᠲᠥᠪ᠂ ᠬᠠᠮᠲᠤᠷᠠᠨ ᠲᠣᠬᠢᠷᠠᠭᠤᠯᠬᠤ ᠲᠥᠪ ᠢ ᠪᠠᠶᠢᠭᠤᠯᠵᠤ᠂ ᠵᠢᠯ ᠳᠤ 20 ᠲᠦᠮᠡᠨ ︽ᠸᠠᠩ ᠯᠦᠩ︾ ᠲᠡᠮᠳᠡᠭᠲᠦ ᠳᠡᠭᠡᠳᠦ ᠴᠢᠳᠡᠪᠬᠢᠳᠦ  ᠺᠣᠮᠫᠢᠦ᠋ᠲ᠋ᠧᠷ ᠦᠢᠯᠡᠳᠪᠦᠷᠢᠯᠡᠵᠦ᠂ ᠵᠢᠱᠢᠯᠲᠡ ᠪᠠᠷ ᠵᠢᠯ ᠤᠨ ᠥᠷᠲᠡᠭ ᠨᠢ 10 ᠳ᠋ᠦᠩᠰᠢᠭᠤᠷ ᠲᠥᠭᠦᠷᠢᠭ ᠢ ᠳᠠᠪᠠᠨ᠎ᠠ᠃ ︽ᠸᠠᠩ ᠯᠦᠩ︾ ᠺᠣᠮᠫᠢᠦ᠋ᠲ᠋ᠧᠷ ᠨᠢ ᠯᠦᠩ ᠰᠢᠨ 3A6000 ᠰᠢᠢᠳᠪᠦᠷᠢᠯᠡᠭᠦᠷ ᠲᠤ ᠰᠠᠭᠤᠷᠢᠯᠠᠵᠤ᠂ ᠲᠤᠩ ᠰᠢᠨ UOS ᠲᠤᠰᠬᠠᠶ ᠮᠡᠷᠭᠡᠵᠢᠯ ᠤᠨ ᠬᠡᠪᠯᠡᠯ ᠤᠨ 1070 ᠠᠵᠢᠯᠯᠠᠭᠠᠨ ᠤ ᠰᠢᠰᠲ᠋ᠧᠮ ᠢ ᠠᠴᠢᠶᠠᠯᠠᠵᠤ᠂ 8 ᠰᠧᠺᠦ᠋ᠨ᠋ᠳ᠋ ᠲᠤ ᠮᠠᠰᠢᠨ ᠨᠡᠭᠡᠭᠡᠬᠦ ᠶᠢ ᠪᠡᠶᠡᠯᠡᠭᠦᠯᠵᠦ᠂ ᠦᠢᠯᠡᠳᠬᠦᠨ ᠤ ᠴᠢᠳᠠᠮᠵᠢ ᠨᠢ  ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨᠡᠴᠢᠯᠡᠯᠲᠡ ᠶᠢᠨ ᠦᠢᠯᠡᠳᠬᠦᠨ ᠤ ᠡᠮᠦᠨ᠎ᠡ ᠡᠩᠨᠡᠭᠡᠨ ᠳᠤ ᠣᠷᠣᠰᠢᠵᠤ ᠪᠠᠶᠢᠬᠤ ᠪᠥᠭᠡᠳ ᠰᠦᠯᠵᠢᠶᠡᠨ ᠳᠡᠭᠡᠷᠡᠬᠢ AI ᠲᠤᠮᠤ ᠵᠠᠭᠪᠤᠷ ᠪᠠ ᠦᠵᠦᠭᠦᠷ ᠤᠨ AI ᠶᠢ ᠪᠥᠬᠦ ᠲᠠᠯ᠎ᠠ ᠪᠠᠷ ᠳᠡᠮᠵᠢᠨ᠎ᠡ᠃ ᠲᠤᠰ ᠰᠠᠭᠤᠷᠢᠨ ᠭᠠᠵᠠᠷ ᠨᠢ ᠬᠡᠳᠦ ᠨᠡᠶᠢᠯᠡᠯᠲᠡ᠂ ᠰᠢᠨᠬᠤᠸᠠ ᠭᠤᠷᠪᠠᠳᠤᠭᠠᠷ ᠵᠢᠴᠢ ᠯᠠᠩ ᠴᠤᠤ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠤᠨ ᠦᠢᠯᠡᠴᠢᠯᠡᠭᠡᠨ ᠤ ᠮᠠᠰᠢᠨ ᠢ ᠣᠷᠣᠯᠠᠬᠤ ᠠᠵᠢᠯ ᠢ ᠡᠭᠦᠷᠭᠡᠯᠡᠵᠦ᠂ ᠵᠢᠯ ᠤᠨ ᠦᠢᠯᠡᠳᠪᠦᠷᠢᠯᠡᠬᠦ ᠴᠢᠳᠠᠪᠤᠷᠢ ᠶᠢ 5 ᠲᠦᠮᠡᠨ ᠰᠠᠭᠤᠷᠢ ᠬᠦᠷᠴᠦ᠂ ᠦᠢᠯᠡᠳᠬᠦᠨ ᠤ ᠥᠷᠲᠡᠭ ᠢ 20 ᠳ᠋ᠦᠩᠰᠢᠭᠤᠷ ᠲᠥᠭᠦᠷᠢᠭ ᠶᠢ ᠳᠠᠪᠠᠭ᠋ᠤ ᠪᠣᠯᠤᠨ᠎ᠠ᠃      ᠣᠶᠢᠷ᠎ᠠ ᠶᠢᠨ ᠵᠢᠯ ᠠᠴᠠ᠂ ᠬᠥᠬᠡᠬᠤᠲᠠ ᠤᠯᠤᠰ ᠤᠨ ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ ᠢᠨᠵᠧᠨᠧᠷᠢᠩ ᠤᠨ ᠲᠣᠬᠢᠶᠠᠯ ᠢ ᠠᠮᠵᠢᠵᠤ᠂ ᠣᠷᠣᠨ ᠤ ᠲᠥᠪ ᠬᠤᠲᠠ ᠶᠢᠨ ᠪᠣᠬᠢᠷᠲᠤᠯ ᠦᠭᠡᠢ ᠪᠤᠳᠤᠯᠭ᠎ᠠ ᠶᠢᠨ ᠬᠦᠴᠦᠨ ᠤ ᠳᠠᠪᠠᠭᠤᠯᠢᠭ ᠢ ᠪᠠᠳᠠᠷᠠᠭᠤᠯᠵᠤ᠂ ᠬᠢᠮᠡᠯ ᠣᠶᠤᠨᠴᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠤᠭ᠎ᠠ ᠪᠣᠳᠣᠯᠭ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠥᠪᠥᠷ ᠮᠣᠩᠭᠤᠯ ᠤᠨ ᠣᠷᠣᠨ ᠨᠤᠲᠤᠭ ᠤᠨ ᠨᠠᠷᠠᠲᠤ ᠲᠡᠮᠳᠡᠭᠲᠦ  ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨᠡᠴᠢᠯᠡᠯᠲᠡ ᠶᠢᠨ ᠲᠣᠬᠢᠷᠠᠭᠤᠯᠤᠯᠲᠠ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠬᠤᠸᠠ ᠸᠧᠶ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠶᠡᠷᠦᠩᠬᠡᠶ ᠬᠡᠯᠲᠡᠰ᠂ ᠰᠢᠨᠬᠤᠸᠠ ᠭᠤᠷᠪᠠᠳᠤᠭᠠᠷ ᠲᠥᠪ ᠲᠤᠷᠰᠢᠯᠲᠠ ᠶᠢᠨ ᠲᠠᠰᠤᠭ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠪᠤᠳᠤᠯᠭ᠎ᠠ ᠶᠢᠨ ᠬᠦᠴᠦᠨ᠂ ᠬᠢᠮᠡᠯ ᠤᠶᠤᠨ ᠢᠶᠠᠷ ᠣᠨᠴᠠᠯᠢᠭ ᠪᠣᠯᠭᠠᠭᠰᠠᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠪᠠ᠃      ᠼᠤᠤ ᡁᠢ᠂ ᠲᠠᠯ᠎ᠠ᠂ ᠵᠦ ᠵᠢᠶᠠᠨ ᠭᠦᠸᠧ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ