ᠾᠧ ᠬᠠᠢ ᠳ᠋ᠦᠩ ᠳᠠᠶᠢᠴᠢᠯᠠᠯᠲᠠ ᠶᠢᠨ ᠶᠠᠷᠢᠶ᠎ᠠ ᠲᠠᠯᠪᠢᠪᠠ | ︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 29 ᠤ ᠡᠳᠦᠷ᠂ ᠬᠤᠷᠢᠨᠭᠡᠷ ᠰᠢᠨ᠎ᠡ ᠲᠣᠭᠤᠷᠢᠭ ᠬᠢᠭᠡᠳ ᠬᠤᠷᠢᠨᠭᠡᠷ ᠰᠦ ᠶᠢᠨ | ᠦᠢᠯᠡᠰ ᠤᠨ ᠨᠡᠭᠡᠭᠡᠯᠲᠡ ᠶᠢᠨ ᠲᠣᠭᠤᠷᠢᠭ ᠠᠭᠤᠰᠤᠯᠴᠠᠨ ᠬᠥᠭᠵᠢᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ | ᠬᠤᠲᠠ ᠶᠢᠨ ᠳᠡᠳ᠋ ᠳᠠᠷᠤᠭ᠎ᠠ ᠲᠠᠯ᠎ᠠ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠬᠥᠬᠡᠬᠤᠲᠠ ᠶᠢᠨ ᠬᠤᠷᠢᠨᠭᠡᠷ ᠰᠦ ᠶᠢᠨ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠠᠭᠤᠰᠤᠯᠴᠠᠨ ᠬᠥᠭᠵᠢᠬᠦ ᠶᠢ | ᠪᠡᠶᠡᠯᠡᠭᠦᠯᠬᠦ ᠲᠤᠬᠠᠢ ᠰᠠᠨᠠᠯ︾ ᠢ ᠨᠡᠶᠢᠲᠡᠯᠡᠵᠦ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠵᠢᠴᠢ | ᠬᠤᠷᠢᠨᠭᠡᠷ ᠰᠢᠶᠠᠨ ᠤ ᠭᠤᠤᠯ ᠬᠠᠷᠢᠭᠤᠴᠠᠯᠭᠠᠲᠠᠨ ᠣᠪᠣᠷ ᠢᠶᠠᠨ ᠢᠯᠡᠳᠭᠡᠪᠡ᠃ | ᠬᠤᠷᠠᠯ ᠠᠴᠠ᠂ ᠬᠤᠷᠢᠨᠭᠡᠷ ᠰᠢᠨ᠎ᠡ ᠲᠣᠭᠤᠷᠢᠭ ᠬᠢᠭᠡᠳ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠠᠭᠤᠰᠤᠯᠴᠠᠭᠤᠯᠤᠨ | ᠬᠥᠭᠵᠢᠭᠦᠯᠬᠦ ᠪᠣᠯ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠣᠷᠣᠨ ᠤ ᠲᠥᠪ ᠬᠤᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠰᠢᠢᠳᠪᠦᠷᠢ ᠪᠣᠯᠣᠨ᠎ᠠ᠂ ᠬᠤᠯᠪᠣᠭᠳᠠᠯ ᠪᠦᠬᠦᠢ ᠭᠠᠵᠠᠷ ᠣᠷᠣᠨ ᠤ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠵᠦ᠂ ᠡᠷᠴᠢ ᠵᠣᠷᠢᠭ ᠢᠶᠠᠨ ᠬᠥᠭᠵᠢᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ | ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠶᠡᠭᠡ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠪᠥᠬᠦ ᠲᠠᠯ᠎ᠠ ᠪᠠᠷ ᠨᠡᠶᠢᠳᠭᠡᠨ᠂ ᠵᠠᠪᠰᠠᠷ ᠥᠬᠡᠶ ᠵᠤᠯᠭᠠᠭᠤᠯᠤᠨ᠂ | ᠡᠷᠡᠰ ᠬᠡᠷᠡᠭᠵᠢᠭᠦᠯᠵᠦ᠂ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠨ᠂ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ | ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠬᠦ ᠬᠡᠷᠡᠭᠲᠡᠶ᠃ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠭᠤᠣᠯᠯᠠᠬᠤ | ᠠᠵᠤ ᠦᠢᠯᠡᠰ ᠢ ᠬᠦᠴᠦᠷᠬᠡᠭᠵᠢᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠵᠦᠢ ᠵᠣᠬᠢᠰᠲᠠᠢ ᠠᠵᠢᠯ ᠤᠨ ᠬᠤᠪᠢᠶᠠᠷᠢᠯᠠᠯ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠪᠠᠶᠢᠷᠢ ᠰᠣᠯᠪᠢᠴᠠᠨ ᠬᠥᠭᠵᠢᠬᠦ᠂ ᠤᠨᠴᠠᠯᠢᠬᠳᠤ ᠬᠥᠭᠵᠢᠯᠲᠡ ᠶᠢᠨ ᠵᠠᠮ ᠢᠶᠠᠷ ᠵᠠᠮᠨᠠᠵᠤ᠂ ᠥᠨᠳᠥᠷ ᠲᠦᠪᠰᠢᠨ᠂ | ᠥᠨᠳᠥᠷ ᠪᠠᠷᠢᠮᠵᠢᠶ᠎ᠠ ᠪᠠᠷ ᠣᠳᠣᠬᠢᠴᠢᠯᠠᠭᠰᠠᠨ ᠬᠤᠳᠠ ᠶᠢᠨ ᠳᠡᠳ᠋ ᠲᠥᠪ ᠢ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠠᠵᠢᠯᠳᠠᠨ ᠢ ᠨᠢᠭᠡᠳᠦᠯᠲᠡᠢ ᠲᠥᠯᠥᠪᠵᠢᠭᠦᠯᠬᠦ᠂ ᠠᠵᠤ ᠦᠢᠯᠡᠰ ᠤᠨ ᠬᠠᠮᠵᠢᠯᠴᠠᠭ᠎ᠠ ᠶᠢ ᠰᠠᠶᠢᠲᠤᠷ ᠬᠢᠵᠦ᠂ | ᠰᠢᠨ᠎ᠡ ᠣᠷᠣᠨ ᠪᠦᠰᠡ ᠶᠢᠨ ᠨᠡᠮᠡᠭᠳᠡᠯ ᠤᠨ ᠲᠦᠢᠯ ᠢ ᠢᠳᠡᠪᠬᠢᠲᠡᠢ ᠡᠭᠦᠳᠴᠦ᠂ ᠬᠤᠷᠢᠨᠭᠡᠷ ᠰᠢᠨ᠎ᠡ ᠲᠣᠭᠤᠷᠢᠭ ᠪᠣᠯᠣᠨ ᠬᠤᠷᠢᠨᠭᠡᠷ ᠰᠦ ᠶᠢᠨ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠠᠭᠤᠰᠤᠯᠴᠠᠯ ᠤᠨ ︽1+1>2︾ ᠳᠠᠪᠬᠤᠴᠠᠭ᠎ᠠ ᠦᠢᠯᠡᠳᠦᠯ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | |