ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ | ᠨᠢᠭᠡ ᠠᠯᠬᠤᠮ ᠠᠬᠢᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 18 ᠤ ᠡᠳᠦᠷ᠂ ᠢᠦᠢ ᠴᠢᠤᠸᠠᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ | ᠭᠤᠳᠤᠮᠵᠢ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠵᠢᠴᠢ ᠲᠣᠭᠤᠷᠢᠭ ᠤᠨ ᠬᠠᠷᠢᠶ᠎ᠠ ︽12 + N︾ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠷᠠᠯ ᠳᠤ ᠣᠷᠣᠯᠴᠠᠭᠰᠠᠨ ᠡᠯ᠎ᠡ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠠᠷᠢᠶ᠎ᠠ ᠲᠠᠯᠪᠢᠨ ᠰᠠᠨᠠᠯ ᠢᠶᠠᠨ ᠰᠣᠯᠢᠯᠴᠠᠪᠠ᠃ | | | | | | | | | ᠬᠤᠷᠠᠯ ᠠᠴᠠ ︽12 ᠳ᠋ᠤᠭᠠᠷ ᠰᠠᠷ᠎ᠠ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ | ᠠᠵᠢᠯ ᠤᠨ ᠰᠠᠨᠠᠭᠤᠯᠤᠮᠵᠢ ᠶᠢᠨ ᠨᠠᠷᠢᠨ ᠲᠠᠩᠰᠠ︾ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠦᠷᠳᠡᠭᠡ︶ ᠤᠨ | ᠪᠣᠯᠪᠠᠰᠤᠨ ᠪᠦᠯᠬᠦᠮᠳᠡᠯ ᠤᠨ ᠬᠡᠳᠦ ᠳᠡᠯᠭᠡᠭᠦᠷ ᠤᠨ ᠪᠠᠶᠢᠭᠤᠯᠤᠯᠲᠠ ᠵᠡᠷᠭᠡ ᠠᠵᠢᠯ ᠢ ᠴᠢᠩᠭᠠᠳᠬᠠᠬᠤ ᠲᠤᠬᠠᠢ ᠲᠤᠬᠢᠷᠠᠭᠤᠯᠤᠨ ᠪᠠᠶᠢᠷᠢᠯᠠᠭᠤᠯᠵᠠᠢ᠃ ᠡᠭᠦᠨ ᠤ | ᠬᠠᠮᠲᠤ ᠡᠯ᠎ᠡ ᠭᠠᠵᠠᠷ ᠦᠷᠳᠡᠭᠡ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ | ᠤᠨᠤᠯ ᠢ ᠤᠬᠠᠭᠤᠯᠤᠨ ᠲᠠᠶᠢᠯᠪᠤᠷᠢᠯᠠᠬᠤ᠂ ᠬᠡᠪ ᠵᠠᠩᠰᠢᠯ ᠢ ᠥᠭᠡᠷᠡᠴᠢᠯᠡᠬᠦ ᠪᠠ ︽ᠬᠦᠬᠡᠬᠤᠳᠠ ᠶᠢᠨ ᠳᠤᠯᠠᠭᠠᠨ ᠡᠪᠦᠯ᠂ ᠵᠣᠯ ᠵᠢᠷᠭᠠᠯ ᠤᠨ ᠲᠥᠯᠥᠭᠡ | ᠭᠡᠷᠡᠯᠲᠦᠭᠦᠯᠬᠦ︾᠂ ᠰᠢᠨ᠎ᠡ ᠵᠢᠯ ᠵᠡᠷᠭᠡ ᠭᠤᠣᠯ ᠰᠡᠳᠦᠪ ᠲᠠᠢ ᠤᠶᠠᠯᠳᠤᠭᠤᠯᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠥᠷᠲᠡᠭᠡ ︽ᠢᠦᠶ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ | ᠤᠨ ᠱᠠᠭᠠᠷᠳᠠᠯᠭ᠎ᠠ ᠶᠣᠰᠣᠭᠠᠷ᠂ ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠷᠢᠮᠵᠢᠶ᠎ᠠ ᠪᠠ ᠬᠤᠪᠢ | ᠬᠤᠷᠠᠮᠳᠤᠭᠤᠯᠵᠤ ᠰᠣᠯᠢᠬᠤ ᠱᠠᠭᠠᠷᠳᠠᠯᠭ᠎ᠠ ᠶᠢ ᠨᠢᠭᠡᠳᠬᠡᠬᠦ ᠶᠢᠨ ᠬᠠᠮᠲᠤ ᠤᠯᠠᠷᠢᠯ ᠢᠶᠠᠷ ᠰᠣᠯᠢᠬᠤ ᠪᠠᠶᠢᠳᠠᠯ ᠢ ᠵᠠᠷᠯᠠᠨ ᠨᠡᠶᠢᠲᠡᠯᠡᠬᠦ ᠬᠡᠷᠡᠭᠲᠡᠶ᠃ ᠲᠣᠮᠣ | ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠲᠣᠰᠬᠤᠨ ᠤ ᠳᠣᠲᠣᠷᠠᠬᠢ ᠵᠢᠵᠢᠭ ᠬᠡᠲᠦ ᠳᠡᠯᠭᠡᠭᠦᠷ᠂ ᠲᠥᠬᠦᠮ ᠳᠡᠯᠭᠡᠭᠦᠷ ᠯᠦᠭᠡ ᠶᠢᠨ ᠬᠠᠮᠲᠤᠷᠠᠯᠴᠠᠭ᠎ᠠ ᠶᠢ | ᠴᠢᠩᠭᠠᠳᠬᠠᠵᠤ᠂ ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ ᠤᠨ ᠡᠳ᠋ ᠪᠣᠳᠠᠰ ᠰᠣᠯᠢᠬᠤ ᠶᠢ ᠪᠠᠶᠠᠯᠢᠭᠵᠢᠭᠤᠯᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠤᠯᠠᠮ ᠴᠢᠨᠠᠭᠰᠢᠳᠠ ᠲᠠᠰᠤᠷᠠᠯᠲᠠ ᠦᠭᠡᠢ | ᠤᠷᠲᠤᠳᠬᠠᠵᠤ᠂ ᠪᠣᠯᠪᠠᠰᠤᠨ ᠤ ᠦᠢᠯᠡᠳᠦᠯᠭᠡ ᠶᠢᠨ ᠭᠡᠷ ᠪᠦᠯᠢ ᠶᠢᠨ ᠦᠷᠳᠡᠭᠡ᠂ ᠠᠵᠤ ᠠᠬᠤᠶᠢᠯᠠᠯ ᠤᠨ ᠦᠷᠳᠡᠭᠡ ᠪᠣᠯᠤᠨ ᠬᠠᠮ ᠵᠠᠭᠤᠴᠢᠯᠠᠭᠤᠷ ᠤᠨ | ᠠᠵᠢᠯᠯᠠᠬᠤ ᠲᠠᠰᠤᠭ ᠢ ᠥᠷᠭᠡᠳᠬᠡᠨ ᠪᠠᠶᠢᠭᠤᠯᠵᠤ᠂ ᠪᠣᠯᠪᠠᠰᠤᠨ ᠤ ᠦᠢᠯᠡᠳᠦᠯᠭᠡ ᠶᠢ ︽ᠪᠠᠭᠤᠯᠭᠠᠬᠤ︾᠂ ᠤᠯᠠᠨ ᠲᠦᠮᠡᠨ ᠳᠤ ᠦᠢᠯᠡᠴᠢᠯᠡᠬᠦ ᠶᠢ ︽ | ᠪᠣᠳᠠᠲᠠᠶᠢᠵᠢᠭᠤᠯᠬᠤ︾ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠣᠯᠤᠨ ᠤᠯᠠᠨ ᠲᠦᠮᠡᠨ ᠤ ᠪᠣᠯᠪᠠᠰᠤᠨ ᠤ ᠦᠢᠯᠡᠳᠦᠯᠭᠡ ᠶᠢᠨ | ᠠᠵᠢᠯᠯᠠᠭ᠎ᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠬᠠᠮᠲᠤ ᠠᠳᠠᠯᠢ ᠪᠤᠰᠤ ᠠᠵᠢᠯ ᠲᠦᠷᠦᠯ ᠤᠨ ᠲᠦᠷᠦᠯ | ᠵᠦᠢᠯ ᠤᠨ ᠬᠡᠷᠡᠭᠴᠡᠭᠡ ᠶᠢ ᠦᠨᠳᠦᠰᠦᠯᠡᠨ ᠡᠯ᠎ᠡ ᠠᠵᠢᠯ ᠲᠦᠷᠦᠯ ᠤᠨ ᠬᠥᠮᠦᠰ ᠢ ᠡᠯᠰᠡᠨ ᠰᠠᠶᠢᠨ ᠳᠤᠷ᠎ᠠ ᠶᠢᠨ ᠦᠢᠯᠡᠴᠢᠯᠡᠭᠡ ᠳᠤ ᠥᠷᠭᠡᠨ ᠢᠶᠠᠷ | ᠣᠷᠣᠯᠴᠠᠭᠤᠯᠬᠤ ᠬᠡᠷᠡᠭᠲᠡᠢ︔ ᠬᠡᠷᠡᠭᠴᠡᠭᠡ ᠱᠠᠭᠠᠷᠳᠠᠯᠭ᠎ᠠ ᠶᠢ ᠡᠯᠰᠡᠨ ᠴᠤᠭᠯᠠᠭᠤᠯᠬᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠤᠯᠠᠨ ᠲᠦᠮᠡᠨ ᠤ ᠬᠡᠷᠡᠭᠴᠡᠭᠡ᠂ | ᠬᠦᠰᠡᠯ ᠡᠷᠡᠮᠡᠯᠵᠡᠯ ᠢ ᠣᠶᠢᠯᠠᠭᠠᠵᠤ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠬᠠᠨᠳᠤᠯᠭᠠᠲᠤ | ᠴᠢᠨᠠᠷᠲᠠᠶ ᠪᠠᠷ ᠥᠷᠨᠢᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠪᠦᠬᠦ | ᠲᠤᠭᠤᠷᠢᠭ ᠢᠶᠠᠷ ᠢᠶᠠᠨ ᠬᠦᠴᠦᠨ ᠢᠶᠠᠨ ᠨᠢᠭᠲᠠᠷᠠᠭᠤᠯᠵᠤ᠂ ᠲᠦᠷᠦᠯ ᠲᠡᠮᠳᠡᠭᠲᠦ ᠶᠢᠨ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ | ᠵᠠᠭᠪᠤᠷ ᠤᠨ ᠰᠢᠨ᠎ᠡ ᠶᠢ ᠡᠭᠦᠳᠴᠦ᠂ ᠴᠢᠨᠠᠷ ᠰᠠᠶᠢᠲᠠᠶ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠮᠠᠨ ᠤ ᠲᠤᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ᠃ | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |