ᠾᠧ ᠬᠠᠢ ᠳ᠋ᠦᠩ ᠬᠡᠰᠡᠭ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/12/20
      12 ᠳ᠋ᠤᠭᠠᠷ ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ 2024 ᠣᠨ ᠤ ᠬᠡᠰᠡᠭ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠷᠠᠳᠴᠢᠯᠠᠯ ᠢᠶᠠᠷ ᠰᠢᠯᠭᠠᠨ ᠦᠨᠡᠯᠡᠪᠡ᠃      ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ᠂ ᠬᠤᠷᠢᠨᠭᠡᠷ ᠰᠢᠨ᠎ᠡ ᠲᠣᠭᠤᠷᠢᠭ ᠵᠡᠷᠭᠡ 8 ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠥᠬᠦᠳ ᠲᠤᠰᠢᠶᠠᠯ ᠤᠨ ᠮᠡᠳᠡᠭᠦᠯᠦᠯᠲᠡ ᠬᠢᠪᠠ᠃ ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ ᠶᠢ ᠲᠥᠯᠥᠭᠡᠯᠡᠨ ᠦᠨᠡᠯᠡᠵᠦ᠂ ᠠᠮᠵᠢᠯᠲᠠ ᠶᠢ ᠨᠢ ᠨᠤᠲᠠᠯᠠᠵᠤ᠂ ᠠᠰᠠᠭᠤᠳᠠᠯ ᠢ ᠨᠢ ᠵᠢᠭᠠᠨ ᠭᠠᠷᠭᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠨᠢ ᠲᠦᠢᠯ ᠤᠨ ᠴᠢᠬᠤᠯᠠ ᠶᠤᠮ᠃ ᠡᠯ᠎ᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠡᠩ ᠤᠨ ᠠᠵᠢᠯ ᠬᠢᠭᠡᠳ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠠᠯ᠎ᠠ ᠪᠠᠷ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠷᠳᠤ ᠬᠤᠭᠤᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠠᠴᠠ ᠵᠢᠷᠦᠬᠡᠰᠢᠶᠡᠵᠦ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠬᠦᠮᠦᠵᠢᠭᠦᠯᠵᠦ ᠵᠢᠯᠣᠭᠤᠳᠬᠤ ᠬᠡᠷᠡᠭᠲᠡᠢ ᠭᠡᠵᠡᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ