ᠱᠤᠭᠤᠮᠠᠯ ᠤᠨ ᠣᠷᠳᠣᠨ ᠤ ᠭᠤᠣᠯ ᠰᠡᠳᠦᠪᠲᠦ ᠰᠢᠤᠳᠠᠨ ᠲᠣᠪᠴᠢᠶ᠎ᠠ ᠶᠢᠨ ᠦᠵᠡᠭᠦᠯᠦᠯᠭᠡ
ᠨᠡᠶᠢᠲᠡᠯᠡᠭᠰᠡᠨ ᠴᠠᠭ᠄
2024/12/20
12200202.jpg
           ᠣᠶᠢᠷ᠎ᠠ ᠶᠢᠨ ᠡᠳᠦᠷ᠂ ᠬᠥᠬᠡᠬᠤᠲᠠ ᠶᠢᠨ ᠰᠢᠦᠳᠠᠨ ᠤ ᠬᠤᠪᠢᠶᠠᠷᠢ ᠺᠣᠮᠫᠠᠨᠢ ᠪᠣᠯᠤᠨ ᠬᠥᠬᠡᠬᠤᠲᠠ ᠶᠢᠨ ᠱᠤᠭᠤᠮᠠᠯ ᠤᠨ ᠣᠷᠳᠣᠨ ᠬᠠᠮᠲᠤᠷᠠᠨ ᠡᠷᠬᠢᠯᠡᠭᠰᠡᠨ ︽ᠱᠤᠭᠤᠮᠠᠯ ᠤᠨ ᠣᠷᠳᠣᠨ ᠤ ᠭᠤᠣᠯ ᠰᠡᠳᠦᠪᠲᠦ ᠰᠢᠦᠳᠠᠨ ᠤ ᠲᠣᠪᠴᠢᠶ᠎ᠠ︾ ᠬᠥᠬᠡᠬᠤᠲᠠ ᠶᠢᠨ ᠱᠤᠭᠤᠮᠠᠯ ᠤᠨ ᠣᠷᠳᠣᠨ ᠳᠤ ᠦᠵᠡᠭᠦᠯᠦᠯᠭᠡ ᠡᠬᠢᠯᠡᠪᠡ᠃      ᠬᠥᠬᠡᠬᠤᠲᠠ ᠶᠢᠨ ᠱᠤᠭᠤᠮᠠᠯ ᠤᠨ ᠣᠷᠳᠣᠨ ᠤ ᠭᠤᠣᠯ ᠰᠡᠳᠦᠪᠲᠦ ᠰᠢᠦᠳᠠᠨ ᠲᠣᠪᠴᠢᠶ᠎ᠠ ᠶᠢᠨ ᠦᠵᠡᠭᠦᠯᠦᠯᠭᠡ ᠨᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠭᠤᠷᠢᠭ᠂ ᠨᠠᠮ ᠤᠨ ᠰᠣᠨᠢᠨ ᠨᠠᠮ ᠤᠨ ᠰᠡᠳᠭᠦᠯ ᠤᠨ ᠲᠣᠭᠤᠷᠢᠭ᠂ ᠰᠢᠦᠳᠠᠨ ᠲᠡᠮᠳᠡᠭ ᠴᠤᠭᠯᠠᠭᠤᠯᠬᠤ ᠲᠣᠭᠤᠷᠢᠭ᠂ ᠰᠣᠶᠣᠯ ᠤᠨ ᠡᠭᠦᠳᠦᠯᠲᠡ ᠶᠢᠨ ᠲᠣᠭᠤᠷᠢᠭ ᠭᠡᠵᠦ ᠬᠤᠪᠢᠶᠠᠵᠠᠢ᠃ ᠬᠤᠲᠠ ᠶᠢᠨ ᠠᠷᠠᠳ ᠪᠣᠯᠤᠨ ᠵᠤᠭᠠᠴᠠᠭᠰᠠᠳ ᠠᠳᠡ ᠢᠷᠡᠵᠦ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠦᠢᠯᠡᠳᠬᠦᠨ᠂ ᠵᠢᠭᠤᠯᠴᠢᠯᠠᠯ ᠤᠨ ᠢᠯᠡ ᠵᠠᠬᠢᠳᠠᠯ ᠪᠣᠯᠤᠨ ᠰᠢᠦᠳᠠᠨ ᠲᠡᠮᠳᠡᠭ ᠢ ᠰᠣᠨᠢᠷᠬᠠᠬᠤ ᠪᠠ ᠬᠤᠳᠠᠯᠳᠤᠨ ᠠᠪᠴᠤ ᠪᠣᠯᠬᠤ ᠪᠥᠭᠡᠳ ᠦᠵᠡᠮᠵᠢ ᠶᠢᠨ ᠣᠷᠣᠨ ᠤ ᠳᠤᠷᠠᠰᠬᠠᠯ ᠤᠨ  ᠰᠢᠦᠳᠠᠨ ᠲᠠᠮᠠᠭ᠎ᠠ ᠶᠢ ᠳᠠᠷᠤᠭᠤᠯᠵᠤ ᠪᠣᠯᠣᠨ᠎ᠠ᠃ ᠦᠵᠡᠭᠦᠯᠦᠯᠭᠡ ᠶᠢᠨ ᠡᠳᠡᠭᠡᠷ ᠠᠵᠢᠯᠯᠠᠭ᠎ᠠ ᠨᠢ ᠬᠤᠲᠠ ᠶᠢᠨ ᠠᠷᠠᠳ᠂ ᠵᠢᠭᠤᠯᠴᠢᠯᠠᠭᠰᠠᠳ ᠤᠨ ᠬᠠᠯᠠᠭᠤᠨ ᠬᠦᠷᠢᠶᠡᠯᠡᠯ ᠢ ᠬᠦᠷᠲᠡᠭᠰᠡᠨ ᠪᠠᠶᠢᠨ᠎ᠠ ᠃      ᠰᠤᠷᠪᠤᠯᠵᠢᠯᠠᠭᠴᠢ ᠸᠠᠩ ᠱᠣᠣ ᠺᠠᠢ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ