ᠭᠦᠭᠡᠬᠤᠲᠠ ᠶᠢᠨ ᠨᠢᠭᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠦᠷᠦᠭᠦᠦ ᠪᠦᠯᠦᠭ ᠤᠨ ᠤᠯᠤᠰ ᠤᠨ ︽ᠪᠣᠬᠢᠷ ᠤᠰᠤ ᠰᠢᠢᠳᠪᠦᠷᠢᠯᠡᠬᠦ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠪ ᠳᠠᠭᠤᠷᠢᠶᠠᠯ ᠦᠢᠯᠡᠳᠪᠦᠷᠢ︾ ᠶᠢᠨ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/12/20
      ᠣᠶᠢᠷ᠎ᠠ ᠶᠢᠨ ᠡᠳᠦᠷ᠂ ᠤᠯᠤᠰ ᠤᠨ ᠬᠢᠨᠠᠨ ᠦᠨᠡᠯᠡᠯᠲᠡ ᠪᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠠᠢ ᠬᠠᠮᠲᠤᠷᠠᠨ ᠲᠦᠷᠦᠭᠦᠦ ᠪᠦᠯᠦᠭ ᠤᠨ ︽ᠪᠣᠬᠢᠷ ᠤᠰᠤ ᠶᠢ ᠰᠢᠢᠳᠪᠦᠷᠢᠯᠡᠬᠦ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠪ ᠳᠠᠭᠤᠷᠢᠶᠠᠯ ᠤᠨ ᠦᠢᠯᠡᠳᠪᠦᠷᠢ︾ ᠶᠢᠨ ᠨᠡᠷᠡᠰ ᠢ ᠨᠡᠶᠢᠲᠡᠯᠡᠵᠡᠢ᠃ ᠭᠦᠭᠡᠬᠤᠲᠠ ᠶᠢᠨ ᠱᠧᠦ ᠴᠤᠸᠠᠩ ᠴᠧᠩ ᠱᠢ ᠺᠤᠮᠫᠠᠨᠢ ᠶᠢᠨ ᠰᠢᠰᠢ ᠶᠢᠨ ᠪᠠᠶᠢᠰᠢᠩ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠮᠵᠢᠯᠲᠠ ᠲᠠᠢ ᠰᠣᠩᠭᠤᠭᠳᠠᠵᠤ᠂ ᠪᠦᠭᠦ ᠤᠯᠤᠰ ᠤᠨ ᠲᠦᠷᠦᠭᠦᠦ ᠪᠦᠯᠦᠭ ᠤᠨ 45 ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠨᠢᠭᠡ ᠪᠣᠯᠤᠭᠰᠠᠨ ᠪᠥᠭᠡᠳ ᠮᠠᠨ ᠤ ᠣᠷᠣᠨ ᠤ ᠴᠣᠷ ᠤᠨ ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠵᠠᠢ᠃      ᠭᠦᠭᠡᠬᠤᠲᠠ ᠶᠢᠨ ᠱᠧᠦ ᠴᠤᠸᠠᠩ ᠴᠧᠩ ᠱᠢ ᠺᠤᠮᠫᠠᠨᠢ ᠶᠢᠨ ᠰᠢᠰᠢ ᠶᠢᠨ ᠪᠠᠶᠢᠰᠢᠩ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠭᠦᠭᠡᠬᠤᠲᠠ ᠶᠢᠨ ᠢᠦᠢ ᠴᠢᠤᠸᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠬᠢᠭᠡᠳ ᠬᠤᠷᠢᠨᠭᠡᠷ ᠵᠠᠮ ᠤᠨ ᠠᠭᠤᠯᠵᠠᠷ ᠤᠨ ᠵᠡᠭᠦᠨ ᠡᠮᠦᠨ᠎ᠡ ᠲᠠᠯ᠎ᠠ ᠳᠤ ᠪᠠᠶᠢᠷᠢᠯᠠᠵᠤ᠂ ᠵᠢᠷᠤᠵᠤ ᠲᠥᠯᠥᠪᠯᠡᠭᠰᠡᠨ ᠰᠢᠢᠳᠪᠦᠷᠢᠯᠡᠬᠦ ᠴᠢᠳᠠᠪᠤᠷᠢ ᠨᠢ ᠡᠳᠦᠷ ᠲᠤ 20 ᠲᠦᠮᠡᠨ ᠲᠣᠨ᠂ ᠦᠢᠯᠡᠴᠢᠯᠡᠬᠦ ᠲᠠᠯᠠᠪᠠᠶ ᠨᠢ ᠪᠠᠷᠤᠭ 72 ᠲᠡᠭᠰᠢ ᠳᠥᠷᠪᠡᠯᠵᠢᠨ ᠺᠢᠯᠣᠮᠧᠲᠷ᠂ ᠦᠢᠯᠡᠴᠢᠯᠡᠬᠦ ᠬᠥᠮᠥᠨ ᠠᠮᠠ ᠨᠢ ᠪᠠᠷᠤᠭ 80 ᠲᠦᠮᠡ ᠳᠤ ᠬᠦᠷᠴᠡᠢ᠃ ᠭᠦᠭᠡᠬᠤᠲᠠ ᠶᠢᠨ ᠱᠧᠦ ᠴᠤᠸᠠᠩ ᠴᠧᠩ ᠱᠢ ᠺᠤᠮᠫᠠᠨᠢ ᠡᠵᠡᠩᠨᠡᠯᠲᠡ ᠬᠢᠭᠰᠡᠨ ᠠᠴᠠ ᠨᠠᠭᠠᠰᠢ᠂ ᠰᠢᠰᠢ ᠶᠢᠨ ᠪᠠᠶᠢᠰᠢᠩ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠤᠨ ᠬᠡᠷᠡᠭᠯᠡᠭᠡᠨ ᠤ ᠨᠡᠭᠡᠭᠡᠨ ᠬᠥᠭᠵᠢᠭᠦᠯᠦᠯᠲᠡ ᠶᠢ ᠢᠳᠡᠪᠬᠢᠲᠡᠢ ᠠᠬᠢᠭᠤᠯᠵᠤ᠂ ᠤᠷᠢᠳ ᠬᠤᠵᠢᠳ ︽ᠣᠶᠤᠨᠴᠢ ᠡᠵᠡᠩᠨᠡᠯᠲᠡ ᠶᠢᠨ ᠰᠢᠰᠲ᠋ᠧᠮ︾᠂ ︽ᠡᠮ ᠲᠣᠬᠢᠷᠠᠭᠤᠯᠬᠤ ᠳ᠋ᠠᠶᠢᠲ᠋ᠠ ᠬᠥᠮᠥᠷᠭᠡ︾᠂ ︽ᠲᠥᠬᠦᠭᠡᠷᠦᠮᠵᠢᠲᠦ ᠡᠭᠦᠯᠡᠨ ᠬᠠᠮᠠᠭᠠᠯᠠᠯᠲᠠ ᠶᠢᠨ ᠰᠢᠰᠲ᠋ᠧᠮ︾ ᠵᠡᠷᠭᠡ ᠣᠯᠠᠨ ᠢᠵᠢ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠵᠡᠢ᠃ ᠪᠣᠬᠢᠷᠳᠤᠯ ᠢ ᠪᠠᠭᠠᠰᠬᠠᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠥᠨᠳᠥᠷ ᠪᠦᠲᠦᠮᠵᠢᠲᠡᠶ ᠰᠢᠨ᠎ᠡ ᠮᠡᠷᠭᠡᠵᠢᠯ ᠰᠢᠨ᠎ᠡ ᠤᠷ᠎ᠠ ᠮᠡᠷᠭᠡᠰᠢᠯ ᠤᠨ ᠬᠡᠷᠡᠭᠯᠡᠯᠲᠡ ᠶᠢ ᠠᠬᠢᠭᠤᠯᠵᠤ᠂ ᠣᠯᠠᠨ ᠲᠠᠰ ᠤᠨ ᠣᠯᠠᠨ ᠬᠡᠰᠡᠭ ᠤᠨ AO᠂ MBBR ᠵᠡᠷᠭᠡ ᠤᠷ᠎ᠠ ᠮᠡᠷᠭᠡᠵᠢᠯ ᠢ ᠬᠡᠷᠡᠭᠯᠡᠨ᠂ ᠤᠷ᠎ᠠ ᠮᠡᠷᠭᠡᠵᠢᠯ ᠤᠨ ᠪᠣᠯᠵᠣᠯᠲᠤ ᠲᠤᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠡᠬᠢ ᠶᠢᠨ ᠣᠷᠣᠭᠤᠯᠤᠯᠲᠠ ᠨᠡᠮᠡᠯᠲᠡ ᠪᠠ ᠴᠠᠭᠢᠯᠭᠠᠨ ᠡᠨᠧᠷᠭᠢ ᠶᠢᠨ ᠬᠤᠷᠣᠭᠳᠠᠯ ᠢ ᠶᠡᠭᠡ ᠪᠠᠷ ᠪᠠᠭᠠᠰᠬᠠᠵᠠᠢ᠃ ᠡᠭᠦᠨ ᠤ ᠬᠠᠮᠲᠤ᠂ ᠪᠣᠬᠢᠷ ᠤᠰᠤ ᠶᠢ ᠰᠢᠢᠳᠪᠦᠷᠢᠯᠡᠬᠦ ᠪᠦᠭᠦ ᠶᠠᠪᠤᠴᠠ ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠯᠡᠨ ᠵᠢᠱᠢᠬᠦ ᠵᠢᠴᠢ ᠬᠢᠨᠠᠨ ᠪᠤᠳᠤᠬᠤ ᠶᠢ ᠰᠦᠪᠡᠭᠴᠢᠯᠡᠨ ᠥᠷᠨᠢᠭᠦᠯᠵᠦ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠠ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠰᠢᠰᠲ᠋ᠧᠮ ᠲᠠᠢ ᠠᠬᠢᠭᠤᠯᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ