︵ᠰᠤᠷᠪᠤᠯᠵᠢᠯᠠᠭᠴᠢ ᠴᠢ ᠰᠢᠶᠣᠣ ᠶᠠᠨ︶ ᠰᠠᠶᠢᠬᠠᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1— 11 ᠳ᠋ᠦ᠋ᠭᠡᠷ ᠰᠠᠷ᠎ᠠ ᠳᠤ᠂ | ᠬᠥᠬᠡᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ 200 ᠳ᠋ᠦᠩᠰᠢᠭᠤᠷ ᠲᠥᠭᠦᠷᠢᠭ ᠢ ᠳᠠᠪᠠᠵᠤ᠂ 201.1 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 30.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ | ᠣᠷᠣᠨ ᠤ ᠬᠢ ᠠᠴᠠ 21 ᠵᠠᠭᠤᠨ ᠤ ᠨᠢᠭᠡᠴᠢ ᠥᠨᠳᠥᠷ ᠪᠣᠯᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠡᠭᠦᠨ ᠳᠤ ᠭᠠᠳᠠᠭᠠᠳᠤ ᠠᠴᠠ ᠣᠷᠣᠭᠤᠯᠬᠤ | ᠠᠷᠠᠯᠵᠢᠶᠠᠨ ᠤ ᠥᠷᠲᠡᠭ 91.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 44.8% ᠪᠠᠷ ᠨᠡᠮᠡᠭᠳᠡᠪᠡ᠃ ᠭᠠᠳᠠᠭᠠᠳᠤ | ᠭᠠᠷᠭᠠᠯᠲᠠ ᠶᠢᠨ ᠠᠷᠠᠯᠵᠢᠶᠠᠨ ᠤ ᠥᠷᠲᠡᠭ 109.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 20.6% ᠪᠠᠷ ᠨᠡᠮᠡᠭᠳᠡᠪᠡ᠃ | ᠪᠣᠳᠠᠲᠠᠶ ᠪᠠᠷ ᠦᠵᠡᠪᠡᠯ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠤᠭᠰᠠᠨ ᠭᠤᠤᠯ ᠲᠠᠸᠠᠷ ᠨᠢ ᠪᠣᠯᠪᠠᠰᠤᠷᠠᠭᠤᠯᠤᠭᠰᠠᠨ ᠲᠣᠰᠣ᠂ ᠲᠠᠷᠢᠶᠠᠯᠠᠩ ᠤᠨ | ᠪᠦᠲᠦᠭᠡᠭᠳᠡᠬᠦᠨ᠂ ᠢᠳᠡᠭᠡᠨ ᠵᠡᠷᠭᠡ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠥᠷᠲᠡᠭ ᠨᠢ ᠲᠣᠰ ᠲᠣᠰ 35.1 ᠳ᠋ᠦᠩᠰᠢᠭᠤᠷ ᠲᠥᠭᠦᠷᠢᠭ᠂ 21.9 | ᠳ᠋ᠦᠩᠰᠢᠭᠤᠷ ᠲᠥᠭᠦᠷᠢᠭ᠂ 14 ᠳ᠋ᠦᠩᠰᠢᠭᠤᠷ ᠲᠥᠭᠦᠷᠢᠭ ᠪᠣᠯᠤᠨ᠎ᠠ᠃ ᠭᠠᠳᠠᠭᠠᠳᠤ ᠳᠤ ᠭᠠᠷᠭᠠᠭᠰᠠᠨ ᠭᠤᠤᠯ ᠲᠠᠸᠠᠷ ᠨᠢ ᠮᠠᠰᠢᠨ ᠴᠠᠬᠢᠯᠭᠠᠨ ᠤ | ᠪᠦᠲᠦᠭᠡᠭᠳᠡᠬᠦᠨ᠂ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ᠂ ᠡᠮ ᠡᠮᠨᠡᠯᠭᠡ ᠶᠢᠨ ᠮᠠᠲ᠋ᠧᠷᠢᠶᠠᠯ ᠵᠢᠴᠢ ᠡᠮ ᠤᠨ ᠵᠦᠢᠯ ᠵᠡᠷᠭᠡ ᠪᠠᠶᠢᠵᠤ᠂ ᠭᠠᠳᠠᠭᠠᠳᠤ ᠳᠤ | ᠭᠠᠷᠭᠠᠭᠰᠠᠨ ᠥᠷᠲᠡᠭ ᠨᠢ ᠲᠣᠰ ᠲᠣᠰ 26 ᠳ᠋ᠦᠩᠰᠢᠭᠤᠷ ᠲᠥᠭᠦᠷᠢᠭ᠂ 17.4 ᠳ᠋ᠦᠩᠰᠢᠭᠤᠷ ᠲᠥᠭᠦᠷᠢᠭ᠂ 15 ᠳ᠋ᠦᠩᠰᠢᠭᠤᠷ ᠲᠥᠭᠦᠷᠢᠭ ᠪᠣᠯᠤᠨ᠎ᠠ᠃ | ᠭᠤᠣᠯ ᠪᠣᠯᠬᠤ ᠠᠷᠠᠯᠵᠢᠶᠠᠨ ᠤ ᠵᠠᠬ᠎ᠠ ᠳᠡᠯᠭᠡᠭᠦᠷ ᠲᠤ ︽ᠨᠢᠭᠡ ᠪᠦᠰᠡ ᠨᠢᠭᠡ ᠵᠠᠮ ᠢ ᠬᠠᠮᠲᠤ ᠪᠠᠷ ᠴᠣᠭᠴᠠᠯᠠᠬᠤ ᠤᠯᠤᠰ︾ ᠤᠳ ᠤᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ ᠬᠠᠮᠤᠭ ᠤᠨ ᠥᠨᠳᠥᠷ ᠪᠠᠶᠢᠵᠤ᠂ 127.1 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 63.4% ᠪᠠᠷ ᠨᠡᠮᠡᠭᠳᠡᠨ᠂ ᠪᠥᠬᠦ ᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ ᠤᠨ | 63.2% ᠢ ᠡᠵᠡᠯᠡᠪᠡ᠃ ᠮᠠᠯᠠᠶᠢᠰᠢᠶ᠎ᠠ᠂ ᠠᠮᠧᠷᠢᠺᠠ᠂ ᠮᠣᠩᠭᠤᠯ᠂ ᠣᠷᠣᠰ ᠵᠡᠷᠭᠡ ᠤᠯᠤᠰ ᠭᠤᠣᠯ ᠠᠷᠠᠯᠵᠢᠶᠠᠨ ᠤ ᠤᠯᠤᠰ ᠪᠠᠶᠢᠵᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ ᠨᠢ ᠲᠣᠰ ᠲᠣᠰ 36 ᠳ᠋ᠦᠩᠰᠢᠭᠤᠷ ᠲᠥᠭᠦᠷᠢᠭ᠂ 26.9 ᠳ᠋ᠦᠩᠰᠢᠭᠤᠷ ᠲᠥᠭᠦᠷᠢᠭ᠂ | 21.7 ᠳ᠋ᠦᠩᠰᠢᠭᠤᠷ ᠲᠥᠭᠦᠷᠢᠭ᠂ 16.8 ᠳ᠋ᠦᠩᠰᠢᠭᠤᠷ ᠲᠥᠭᠦᠷᠢᠭ ᠬᠦᠷᠴᠡᠢ᠃ | ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠰᠠᠯᠠᠭᠠᠨ ᠳᠠᠷᠤᠭ᠎ᠠ ᠯᠢ ᠪᠢᠨ ᠢᠯᠡᠳᠭᠡᠬᠦ ᠳᠡᠭᠡᠨ᠄ ︽ᠬᠥᠬᠡᠬᠤᠲᠠ ᠣᠷᠣᠨ ᠤ ᠲᠥᠪ ᠬᠤᠳᠠ | ᠪᠣᠯᠤᠭᠰᠠᠨ ᠤ ᠬᠤᠪᠢ ᠳᠤ ᠣᠷᠣᠨ ᠪᠠᠶᠢᠷᠢ᠂ ᠰᠠᠭᠤᠷᠢ ᠲᠥᠬᠦᠭᠡᠷᠦᠮᠵᠢ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠣᠷᠣᠯᠠᠭᠤᠯᠵᠤ ᠪᠣᠯᠤᠰᠢ | ᠦᠭᠡᠢ ᠳᠠᠪᠠᠭᠤᠯᠢᠭ ᠲᠠᠢ᠃ ᠡᠨᠡ ᠵᠢᠯ ᠠᠴᠠ ᠨᠠᠭᠠᠰᠢ᠂ ᠡᠯᠡᠰᠦᠨ ᠨᠢᠷᠤᠭᠤ᠂ ᠲᠢᠶᠧ ᠲᠦᠩ ᠪᠠᠷᠠᠭᠠᠨ ᠭᠦᠢᠯᠭᠡᠭᠡᠨ ᠤ ᠲᠣᠭᠤᠷᠢᠭ ᠤᠨ ᠪᠣᠭᠤᠮᠲᠠ ᠶᠢᠨ ᠬᠢᠨᠠᠨ | ᠬᠠᠮᠢᠶᠠᠷᠤᠯᠲᠠ ᠶᠢᠨ ᠭᠠᠵᠠᠷ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ ᠵᠠᠬᠢᠶᠠᠴᠢᠯᠠᠭᠰᠠᠨ ᠵᠢᠰᠢᠶᠡᠨ ᠤ ᠭᠠᠯᠲᠤ ᠲᠡᠷᠭᠡᠨ ᠲᠡᠭᠡᠭᠡᠪᠦᠷᠢ ᠶᠢᠨ ᠲᠤᠭ᠎ᠠ ᠬᠡᠮᠵᠢᠶ᠎ᠡ | ᠲᠣᠭᠲᠠᠭᠤᠨ ᠢᠶᠠᠷ ᠨᠡᠮᠡᠭᠳᠡᠵᠦ᠂ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠵᠦ ᠪᠠᠭᠳᠠᠭᠠᠮᠵᠢ ᠶᠢ ᠦᠷᠭᠡᠳᠭᠡᠬᠦ ᠳᠤ | ᠴᠢᠬᠤᠯᠠ ᠨᠥᠬᠦᠴᠡᠯ ᠬᠠᠩᠭᠠᠵᠤ᠂ ︿ᠨᠢᠭᠡ ᠪᠦᠰᠡ ᠨᠢᠭᠡ ᠵᠠᠮ ᠢ ᠬᠠᠮᠲᠤ ᠪᠠᠷ ᠴᠣᠭᠴᠠᠯᠠᠬᠤ ᠤᠯᠤᠰ﹀ ᠲᠠᠢ ᠠᠷᠠᠯᠵᠢᠶᠠᠨ ᠤ ᠬᠡᠪᠴᠢᠶ᠎ᠡ ᠪᠠᠨ ᠦᠷᠭᠡᠳᠬᠡᠭᠰᠡᠨ | ᠨᠢ ᠨᠢᠭᠡᠨᠲᠡ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠵᠦᠢᠯ ᠪᠣᠯᠤᠭᠰᠠᠨ ᠪᠠᠶᠢᠨ᠎ᠠ︾ ᠭᠡᠵᠡᠶ᠃ |